ᠮᠢᠬᠠᠨ ᠤ ᠦᠢᠯᠡᠳᠬᠦᠨ ᠲᠠᠢ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ
ᠨᠡᠶᠢᠲᠡᠯᠡᠭᠰᠡᠨ ᠴᠠᠭ᠄
2024/4/15
     ᠲᠥᠷᠥ ᠶᠢᠨ ᠶᠠᠪᠤᠳᠠᠯ ᠤᠨ ᠬᠤᠷᠢᠶᠠᠨ ᠤ ᠢᠳᠡᠭᠡᠨ ᠤ ᠠᠮᠤᠷ ᠲᠦᠪᠰᠢᠨ ᠤ ᠠᠵᠢᠯ ᠤᠨ ᠠᠯᠪᠠᠨ ᠭᠡᠷ᠂ ᠳᠣᠲᠣᠭᠠᠳᠤ ᠶᠢ ᠬᠠᠮᠠᠭᠠᠯᠠᠬᠤ ᠶᠠᠮᠤᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ ᠬᠠᠮᠲᠤᠷᠠᠨ ᠣᠶᠢᠷ᠎ᠠ ᠳᠤ ︽ᠮᠢᠬᠠᠨ ᠤ ᠲᠦᠷᠦᠯ ᠤᠨ ᠦᠢᠯᠡᠳᠬᠦᠨ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠴᠡᠭᠴᠡᠯᠡᠨ ᠵᠠᠰᠠᠬᠤ ᠲᠤᠬᠠᠢ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠪᠠᠭᠤᠯᠭᠠᠵᠤ᠂ ᠮᠢᠬᠠᠨ ᠤ ᠲᠦᠷᠦᠯ ᠤᠨ ᠦᠢᠯᠡᠳᠬᠦᠨ ᠲᠠᠢ ᠬᠤᠯᠪᠣᠭᠳᠠᠭᠰᠠᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯᠯᠠᠭ᠎ᠠ ᠶᠢ 8 ᠰᠠᠷ᠎ᠠ ᠥᠷᠨᠢᠭᠦᠯᠬᠦ ᠲᠤᠬᠠᠢ ᠪᠠᠶᠢᠷᠢᠯᠠᠭᠤᠯᠪᠠ᠃     ︽ᠮᠡᠳᠡᠭᠳᠡᠯ︾᠎ ᠳᠤ᠂ ᠭᠠᠭ᠋ᠠᠢ᠂ ᠢᠳᠡᠰᠢᠨ ᠦᠬᠡᠷ᠂ ᠢᠳᠡᠰᠢᠨ ᠬᠤᠨᠢ᠂ ᠢᠳᠡᠰᠢᠨ ᠲᠠᠭᠢᠶ᠎ᠠ ᠵᠢᠴᠢ ᠮᠢᠬᠠᠨ ᠤ ᠲᠥᠷᠥᠯ ᠤᠨ ᠦᠢᠯᠡᠳᠬᠦᠨ ᠢᠶᠠᠷ ᠭᠤᠣᠯᠳᠠᠯᠭ᠎ᠠ ᠪᠤᠯᠭᠠᠵᠤ᠂ ᠮᠢᠬᠠᠨ ᠤ ᠲᠥᠷᠥᠯ ᠤᠨ ᠦᠢᠯᠡᠳᠬᠦᠨ ᠲᠠᠢ ᠬᠤᠯᠪᠣᠭᠳᠠᠭᠰᠠᠨ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠶᠢᠨ ᠡᠬᠢ ᠰᠤᠷᠪᠤᠯᠵᠢ ᠶᠢᠨ ᠰᠦᠪᠡᠭᠴᠢ ᠶᠢ ᠭᠦᠨᠵᠡᠭᠡᠢ ᠠᠭᠤᠳᠠᠯᠵᠤ᠂ ᠮᠠᠯ ᠵᠢᠭᠦᠷᠲᠡᠨ ᠢ ᠲᠡᠵᠢᠭᠡᠨ ᠦᠷᠡᠵᠢᠭᠦᠯᠬᠦ᠂ ᠠᠯᠠᠵᠤ ᠨᠢᠲᠤᠯᠬᠤ᠂ ᠬᠤᠣᠷ ᠦᠭᠡᠶᠢᠳᠡᠭᠦᠯᠦᠨ ᠰᠢᠢᠳᠪᠦᠷᠢᠯᠡᠬᠦ᠂ ᠮᠢᠬ᠎ᠠ ᠵᠢᠴᠢ ᠮᠢᠬᠠᠨ ᠢᠳᠡᠭᠡᠨ ᠦᠢᠯᠡᠳᠪᠦᠷᠢᠯᠡᠵᠦ ᠡᠵᠡᠩᠨᠡᠬᠦ ᠪᠦᠭᠦ ᠬᠡᠯᠬᠢᠶ᠎ᠡ ᠳᠤ ᠲᠤᠰᠬᠠᠢ ᠴᠡᠭᠴᠡᠯᠡᠨ ᠵᠠᠰᠠᠯᠲᠠ ᠥᠷᠨᠢᠭᠦᠯᠵᠦ᠂ ᠬᠠᠤᠯᠢ ᠪᠤᠰᠤ ᠪᠠᠷ ᠠᠯᠠᠵᠤ ᠨᠢᠲᠤᠯᠬᠤ᠂ ᠡᠳ᠋ᠰᠢᠭᠦᠯᠬᠦ᠂ ᠪᠣᠷᠣᠯᠠᠭᠤᠯᠬᠤ ᠬᠡᠯᠬᠢᠶ᠎ᠡ ᠶᠢ ᠡᠷᠡᠰ ᠲᠠᠰᠤᠯᠬᠤ ᠬᠡᠷᠡᠭᠲᠡᠢ ᠭᠡᠵᠦ ᠱᠠᠭᠠᠷᠳᠠᠪᠠ᠃ ᠨᠢᠭᠡ ᠪᠦᠯᠦᠭ ᠭᠤᠣᠯᠳᠠᠯᠭ᠎ᠠ ᠲᠠᠢ ᠬᠡᠷᠡᠭ ᠢ ᠪᠠᠶᠢᠴᠠᠭᠠᠨ ᠰᠢᠢᠳᠪᠦᠷᠢᠯᠡᠬᠦ ᠪᠠᠷ ᠳᠠᠮᠵᠢᠭᠤᠯᠤᠨ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠡᠵᠡᠩᠨᠡᠯᠲᠡ ᠶᠢᠨ ᠭᠤᠣᠯ ᠴᠣᠭᠴᠠ ᠶᠢ ᠬᠠᠭᠠᠵᠤ ᠵᠣᠭᠰᠣᠭᠠᠨ᠂ ᠨᠢᠭᠡ ᠪᠦᠯᠦᠭ ᠬᠠᠤᠯᠢ ᠠᠴᠠ ᠵᠥᠷᠢᠴᠡᠭᠰᠡᠨ ᠶᠠᠯᠠᠲᠤ ᠡᠲᠡᠭᠡᠳ ᠢ ᠰᠢᠢᠳᠬᠡᠵᠦ᠂ ᠨᠢᠭᠡ ᠪᠦᠯᠦᠭ ᠨᠡᠶᠢᠲᠡᠯᠢᠭ ᠬᠡᠷᠡᠭ ᠢ ᠢᠯᠡᠴᠢᠯᠡᠨ᠂ ᠮᠢᠬᠠᠨ ᠤ ᠵᠦᠢᠯ ᠤᠨ ᠦᠢᠯᠡᠳᠬᠦᠨ ᠤ ᠶᠠᠰᠤ ᠴᠢᠨᠠᠷ ᠤᠨ ᠤᠷᠲᠤ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠵᠦ᠂ ᠮᠢᠬᠠᠨ ᠤ ᠲᠦᠷᠦᠯ ᠤᠨ ᠦᠢᠯᠡᠳᠬᠦᠨ ᠤ ᠶᠠᠰᠤ ᠴᠢᠨᠠᠷ ᠪᠠᠲᠤᠯᠠᠨ᠎ᠠ᠃     ︽ᠮᠡᠳᠡᠭᠳᠡᠯ︾᠎ ᠳᠤ ᠳᠣᠣᠷᠠᠬᠢ ᠬᠡᠳᠦᠨ ᠲᠠᠯ᠎ᠠ ᠶᠢᠨ ᠠᠭᠤᠯᠭ᠎ᠠ ᠶᠢ ᠲᠣᠳᠣᠷᠬᠠᠶᠢᠯᠠᠪᠠ᠄ ᠨᠢᠭᠡ ᠳᠤ ᠠᠰᠠᠭᠤᠳᠠᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠭᠠᠵᠠᠷ ᠣᠷᠣᠨ ᠪᠠ ᠭᠤᠣᠯᠳᠠᠯᠭ᠎ᠠ ᠲᠠᠢ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠵᠢᠭᠰᠠᠭᠠᠨ ᠪᠠᠶᠢᠴᠠᠭᠠᠬᠤ ᠪᠠ ᠳᠠᠯᠳᠠᠭᠤᠷ ᠰᠤᠷᠪᠤᠯᠵᠢᠯᠠᠬᠤ ᠶᠢ ᠥᠷᠨᠢᠭᠦᠯᠵᠦ᠂ ᠠᠰᠠᠭᠤᠳᠠᠯ ᠤᠨ ᠰᠦᠪᠡᠭᠴᠢ ᠶᠢᠨ ᠨᠠᠷᠢᠨ ᠳᠠᠩᠰᠠ ᠭᠠᠷᠭᠠᠨ᠎ᠠ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠡᠬᠢ ᠰᠤᠷᠪᠤᠯᠵᠢ ᠶᠢ ᠨᠢ ᠮᠥᠷᠳᠡᠨ᠎ᠡ᠃ ᠬᠤᠶᠠᠷ ᠲᠤ ᠲᠡᠵᠢᠭᠡᠨ ᠦᠷᠡᠵᠢᠭᠦᠯᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠮᠠᠯ ᠲᠠᠷᠢᠶᠠᠯᠠᠩ ᠤᠨ ᠰᠠᠯᠠᠭ᠎ᠠ ᠮᠥᠴᠢᠷ ᠠᠴᠠ ᠠᠮᠢᠳᠤ ᠭᠠᠭ᠋ᠠᠢ᠂ ᠢᠳᠡᠰᠢᠨ ᠦᠬᠡᠷ᠂ ᠢᠳᠡᠰᠢᠨ ᠬᠤᠨᠢ ᠪᠠ ᠢᠳᠡᠰᠢᠨ ᠲᠠᠭᠢᠶ᠎ᠠ ᠲᠡᠵᠢᠭᠡᠨ ᠦᠷᠡᠵᠢᠭᠦᠯᠬᠦ ᠲᠠᠯᠠᠪᠠᠶ ︵ᠡᠷᠦᠭᠡ︶᠎ ᠪᠠᠷ ᠭᠤᠣᠯᠳᠠᠯᠭ᠎ᠠ ᠪᠤᠯᠭᠠᠵᠤ᠂ ︽ᠬᠠᠷ᠎ᠠ ᠮᠢᠬᠠᠨ ᠤ ᠨᠤᠨᠳᠠᠭ︾ ᠵᠡᠷᠭᠡ ᠴᠠᠭᠠᠵᠠ ᠲᠠᠢ ᠡᠮ ᠤᠨ ᠵᠦᠢᠯ ᠢ ᠬᠡᠷᠡᠭᠯᠡᠬᠦ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ᠪᠣᠷᠣᠯᠠᠭᠤᠯᠬᠤ᠂ ᠳᠤᠷ᠎ᠠ ᠪᠠᠷ ᠢᠶᠠᠨ ᠬᠠᠶᠠᠬᠤ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠭᠤᠷᠪᠠ ᠳᠤ ᠨᠢᠲᠤᠯᠬᠤ ᠪᠠ ᠬᠤᠣᠷ ᠦᠭᠡᠶᠢᠳᠡᠭᠦᠯᠦᠨ ᠰᠢᠢᠳᠪᠦᠷᠢᠯᠡᠬᠦ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠮᠠᠯ ᠲᠠᠷᠢᠶᠠᠯᠠᠩ ᠤᠨ ᠰᠠᠯᠠᠭ᠎ᠠ ᠮᠥᠴᠢᠷ ᠠᠴᠠ ᠨᠢᠲᠤᠯᠬᠤ ᠦᠢᠯᠡᠳᠪᠦᠷᠢ ︵ᠲᠠᠯᠠᠪᠠᠶ︶᠂ ᠬᠤᠣᠷ ᠦᠭᠡᠢ ᠪᠣᠯᠭᠠᠨ ᠰᠢᠢᠳᠪᠦᠷᠢᠯᠡᠬᠦ ᠲᠠᠯᠠᠪᠠᠶ ᠶᠢ ᠭᠤᠣᠯᠳᠠᠯᠭ᠎ᠠ ᠲᠠᠢ ᠪᠠᠶᠢᠴᠠᠭᠠᠵᠤ᠂ ᠬᠤᠪᠢ ᠪᠠᠷ ᠢᠶᠠᠨ ᠳᠤᠷ᠎ᠠ ᠪᠠᠷ ᠢᠶᠠᠨ ᠨᠢᠲᠤᠯᠬᠤ᠂ ᠤᠰᠤ ᠣᠷᠣᠭᠤᠯᠬᠤ᠂ ᠡᠮ ᠶᠡᠭᠦᠯᠡᠬᠦ ᠪᠤᠶᠤ ᠪᠤᠰᠤᠳ ᠡᠳ᠋ ᠪᠣᠳᠠᠰ ᠣᠷᠣᠭᠤᠯᠬᠤ᠂ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠢ ︽ᠰᠢᠯᠵᠢᠭᠦᠯᠦᠨ ᠳᠠᠭᠠᠭᠠᠴᠢᠯᠠᠭᠤᠯᠬᠤ︾ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠳᠥᠷᠪᠡ ᠳᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠵᠠᠩᠭᠢᠯᠠᠭ᠎ᠠ ᠶᠢᠨ ᠬᠢᠨᠠᠯᠲᠠ ᠪᠠᠶᠢᠴᠠᠭᠠᠯᠲᠠ ᠶᠢ ᠴᠢᠩᠭᠠᠷᠠᠭᠤᠯᠤᠨ᠎ᠠ᠃ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠭᠤᠣᠯᠳᠠᠯᠭ᠎ᠠ ᠲᠠᠢ ᠪᠠᠶᠢᠴᠠᠭᠠᠯᠲᠠ ᠥᠷᠨᠢᠭᠦᠯᠵᠦ᠂ ᠦᠢᠯᠡᠳᠪᠦᠷᠢᠯᠡᠨ ᠡᠵᠡᠩᠨᠡᠭᠴᠢᠳ ᠢ ᠰᠢᠮᠳᠠᠭᠤᠯᠵᠤ ᠪᠠᠶᠢᠭᠠᠳ ᠢᠳᠡᠭᠡᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠢᠷᠡᠯᠲᠡ ᠨᠢ ᠲᠣᠳᠣᠷᠬᠠᠢ ᠦᠭᠡᠢ᠂ ᠬᠢᠵᠢᠭ ᠪᠠᠶᠢᠴᠠᠭᠠᠯᠲᠠ ᠶᠢ ᠳᠠᠮᠵᠢᠭᠰᠠᠨ ᠦᠭᠡᠢ᠂ ᠪᠠᠶᠢᠴᠠᠭᠠᠨ ᠰᠢᠯᠭᠠᠭᠠᠳ ᠬᠢᠷᠢ ᠲᠡᠩᠴᠡᠭᠰᠡᠨ ᠦᠭᠡᠢ ᠮᠠᠯ ᠵᠢᠭᠦᠷᠲᠡᠨ ᠤ ᠦᠢᠯᠡᠳᠬᠦᠨ ᠢ ᠬᠡᠷᠡᠭᠯᠡᠬᠦ ᠪᠤᠶᠤ ᠪᠣᠷᠣᠯᠠᠭᠤᠯᠬᠤ ᠵᠢᠴᠢ ᠬᠤᠳᠠᠯ ᠬᠠᠭᠤᠷᠮᠠᠭ ᠦᠬᠡᠷ ︵ᠬᠤᠨᠢ ᠢᠮᠠᠭ᠎ᠠ᠂ ᠡᠯᠵᠢᠭᠡ︶᠎ ᠤᠨ ᠮᠢᠬᠠᠨ ᠤ ᠦᠢᠯᠡᠳᠬᠦᠨ ᠦᠢᠯᠡᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃
ᠢᠷᠡᠯᠲᠡ᠄ ᠲᠠᠯ᠎ᠠ ᠨᠤᠲᠤᠭ ᠪᠦᠷᠢᠨ ᠵᠠᠭᠤᠴᠢᠯᠠᠭᠤᠷ