ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠦᠨ᠎ᠠ
ᠨᠡᠶᠢᠲᠡᠯᠡᠭᠰᠡᠨ ᠴᠠᠭ᠄
2024/4/15
     ᠰᠤᠷᠪᠤᠯᠵᠢᠯᠠᠬᠴᠢ 8 ᠤ ᠡᠳᠦᠷ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ᠂ ᠲᠥᠷᠥ ᠶᠢᠨ ᠶᠠᠪᠤᠳᠠᠯ ᠤᠨ ᠬᠤᠷᠢᠶ᠎ᠠ ᠣᠶᠢᠷ᠎ᠠ ᠳᠤ ︽ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭᠠᠨ ᠤ ᠲᠥᠰᠥᠯ ︵2024 — 2030 ᠣᠨ︶︾ ᠢ ᠳᠠᠷᠤᠮᠠᠯᠯᠠᠨ ᠲᠠᠷᠬᠠᠭᠠᠵᠤ᠂ ᠰᠢᠨ᠎ᠡ ᠨᠢᠭᠡ ᠡᠭᠡᠯᠵᠢ ᠶᠢᠨ ᠮᠢᠩᠭᠠᠨ ᠳ᠋ᠦᠩᠰᠢᠭᠤᠷ ᠵᠢᠩ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠠᠵᠢᠯᠯᠠᠭ᠎ᠠ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠰᠠᠭᠤᠷᠢ ᠶᠢ ᠪᠦᠭᠦ ᠲᠠᠯ᠎ᠠ ᠪᠠᠷ ᠪᠠᠬᠢᠵᠢᠭᠦᠯᠬᠦ ᠪᠠᠷ ᠪᠤᠢ᠃     ᠠᠵᠢᠯᠯᠠᠭᠠᠨ ᠤ ᠲᠥᠰᠥᠯ ᠳᠤ᠂ 2030 ᠣᠨ ᠪᠤᠯᠬᠤ ᠳᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠮᠢᠩᠭᠠᠨ ᠳ᠋ᠦᠩᠰᠢᠭᠤᠷ ᠵᠢᠩ ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠪᠦᠭᠦ ᠤᠯᠤᠰ ᠤᠨ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠤᠯᠠᠮ ᠴᠢᠩᠭᠠᠷᠠᠭᠤᠯᠤᠨ᠎ᠠ ᠭᠡᠵᠦ ᠳᠤᠷᠠᠳᠪᠠ᠃ ᠠᠵᠢᠯᠯᠠᠭᠠᠨ ᠤ ᠲᠥᠰᠥᠯ ᠳᠤ ︽ᠬᠦᠨᠡᠰᠦᠨ ᠠᠮᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠡᠷᠳᠡᠨᠢ ᠰᠢᠰᠢ ᠰᠢᠷ᠎ᠠ ᠪᠤᠷᠴᠠᠭ ᠲᠤ ᠭᠤᠣᠯ ᠰᠢᠪᠲᠤᠯᠤᠯᠲᠠ ᠬᠢᠵᠦ᠂ ᠲᠥᠮᠥᠰᠥ ᠶᠢᠨ ᠲᠥᠷᠥᠯ ᠤᠨ ᠬᠤᠯᠢᠮᠠᠭ ᠠᠮᠤ ᠶᠢ ᠬᠠᠮᠲᠤ ᠳᠤᠨᠢ ᠬᠠᠷᠠᠭᠠᠯᠵᠠᠬᠤ︾ ᠡᠭᠦᠯᠳᠡᠷ ᠬᠤᠪᠢᠶᠠᠨ ᠤᠨᠠᠯᠲᠠ ᠨᠡᠮᠡᠭᠳᠡᠭᠦᠯᠬᠦ ᠰᠡᠳᠬᠢᠮᠵᠢ ᠶᠢ ᠲᠣᠳᠣᠷᠬᠠᠶᠢᠯᠠᠵᠤ᠂ ᠳᠠᠪᠠᠭᠤᠯᠢᠭ ᠭᠠᠷᠤᠯᠲᠠ ᠶᠢᠨ ᠣᠷᠣᠨ ᠢ ᠪᠠᠬᠢᠵᠢᠭᠦᠯᠦᠨ ᠳᠡᠭᠡᠭᠰᠢᠯᠡᠭᠦᠯᠵᠦ᠂ ᠪᠤᠰᠤᠳ ᠭᠠᠵᠠᠷ ᠣᠷᠣᠨ ᠤ ᠳᠠᠯᠳᠠ ᠬᠦᠴᠦᠨ ᠢ ᠠᠭᠤᠳᠠᠯᠤᠨ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠠᠶᠢᠷᠢᠰᠢᠯ ᠢ ᠲᠣᠬᠢᠷᠠᠭᠤᠯᠤᠨ ᠰᠢᠯᠢᠳᠡᠭᠵᠢᠭᠦᠯᠦᠨ᠎ᠡ ᠭᠡᠵᠦ ᠳᠤᠷᠠᠳᠪᠠ᠃     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠠᠷᠢᠭᠤᠴᠠᠯᠭᠠᠲᠠᠨ᠂ ᠲᠠᠷᠠᠭᠠᠴᠢ ᠶᠢᠨ ᠠᠯᠬᠤᠮ ᠳᠤ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠶᠠᠮᠤᠨ ᠵᠡᠷᠭᠡ ᠰᠠᠯᠠᠭ᠎ᠠ ᠮᠥᠴᠢᠷ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠭᠦ ᠭᠤᠣᠯᠳᠠᠯᠭ᠎ᠠ ᠲᠠᠢ 720 ᠰᠢᠶᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠬᠢᠨ ᠤ ᠲᠠᠷᠢᠶᠠᠯᠠᠩ ᠤᠨ ᠤᠰᠤ ᠠᠷᠪᠢᠯᠠᠬᠤ ᠤᠰᠤ ᠬᠠᠩᠭᠠᠬᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠠᠮᠤ ᠪᠤᠳᠠᠭᠠᠨ ᠤ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠮᠠᠰᠢᠨᠴᠢᠯᠠᠯᠲᠠ ᠶᠢᠨ ᠬᠡᠮᠵᠢᠶ᠎ᠡ ᠶᠢ ᠳᠡᠭᠡᠭᠰᠢᠯᠡᠭᠦᠯᠭᠦ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠬᠦ ᠶᠢ ᠵᠢᠯᠣᠭᠤᠳᠤᠨ᠎ᠠ ᠭᠡᠵᠦ ᠲᠠᠨᠢᠯᠴᠠᠭᠤᠯᠪᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ