ᠥᠨᠥᠳᠥᠷ ᠠᠴᠠ ᠡᠬᠢᠯᠡᠨ ᠦᠶᠡᠷ ᠤᠨ ᠬᠤᠭᠤᠴᠠᠭᠠᠨ ᠳᠤ ᠣᠷᠣᠵᠠᠢ
ᠨᠡᠶᠢᠲᠡᠯᠡᠭᠰᠡᠨ ᠴᠠᠭ᠄
2024/4/15
     ᠤᠰᠤᠨ ᠠᠰᠢᠭᠯᠠᠯᠲᠠ ᠶᠢᠨ ᠶᠠᠮᠤᠨ ᠥᠨᠥᠳᠥᠷ ︵4 ᠰᠠᠷ᠎ᠠ ᠶᠢᠨ 1 ᠤ ᠡᠳᠦᠷ︶ ᠮᠡᠳᠡᠭᠳᠡᠯ ᠨᠡᠶᠢᠲᠡᠯᠡᠵᠦ᠂ ᠥᠨᠥᠳᠥᠷ ᠠᠴᠠ ᠡᠬᠢᠯᠡᠨ ᠮᠠᠨ ᠤ ᠤᠯᠤᠰ ᠵᠢᠩᠬᠢᠨᠢ ᠪᠠᠷ ᠦᠶᠡᠷ ᠤᠨ ᠬᠤᠭᠤᠴᠠᠭᠠᠨ ᠳᠤ ᠣᠷᠣᠵᠠᠢ ᠭᠡᠪᠡ᠃ ᠤᠨᠴᠠᠭᠠᠢ ᠠᠭᠤᠷ ᠠᠮᠢᠰᠬᠤᠯ ᠤᠨ ᠨᠥᠯᠥᠭᠡ ᠪᠠᠷ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠲᠤ ᠶᠡᠷᠦᠩᠬᠡᠢ ᠳᠡᠭᠡᠨ ᠭᠠᠩ ᠬᠠᠭᠰᠠᠷᠠᠭᠠᠨ ᠪᠠ ᠦᠶᠡᠷ ᠤᠰᠤᠲᠤᠯ ᠳᠠᠪᠬᠤᠴᠠᠵᠤ᠂ ᠦᠶᠡᠷ ᠤᠰᠤᠲᠤᠯ ᠨᠢ ᠭᠠᠩ ᠬᠠᠭᠰᠠᠷᠠᠭᠠᠨ ᠠᠴᠠ ᠬᠦᠨᠳᠦ ᠪᠠᠶᠢᠬᠤ ᠪᠣᠯᠣᠨ᠎ᠠ᠃     ᠡᠨᠡ ᠵᠢᠯ ᠭᠠᠷᠤᠭᠰᠠᠨ ᠠᠴᠠ ᠨᠠᠭᠠᠰᠢ᠂ ᠮᠠᠨ ᠤ ᠤᠯᠤᠰ ᠤᠨ ᠳᠤᠮᠳᠠᠴᠢ ᠬᠤᠷ᠎ᠠ ᠲᠤᠨᠳᠠᠰᠤᠨ ᠤ ᠬᠡᠮᠵᠢᠶ᠎ᠡ 61 ᠮᠢᠯᠢᠮᠧᠲᠷ ᠲᠤ ᠬᠦᠷᠴᠦ᠂ ᠡᠩ ᠤᠨ ᠵᠢᠯ ᠤᠨ ᠠᠳᠠᠯᠢ ᠬᠤᠭᠤᠴᠠᠭᠠᠨ ᠳᠤ ᠣᠶᠢᠷᠠᠲᠤᠭᠰᠠᠨ ᠪᠤᠯᠪᠠᠴᠤ ᠵᠦᠵᠢᠶᠠᠩ ᠮᠥᠷᠡᠨ ᠤ ᠰᠠᠪᠠ ᠭᠠᠵᠠᠷ ᠤᠨ ᠬᠡᠳᠦᠨ ᠭᠤᠣᠯ ᠮᠥᠷᠡᠨ ᠵᠢᠴᠢ ᠬᠥᠬᠡᠮᠥ᠋ᠷᠡᠨ ᠤ ᠰᠠᠪᠠ ᠭᠠᠵᠠᠷ ᠤᠨ ᠳᠤᠮᠳᠠᠳᠤ ᠳᠣᠣᠷᠠᠳᠤ ᠤᠷᠤᠰᠬᠠᠯ ᠵᠡᠷᠭᠡ ᠭᠤᠣᠯ ᠪᠤᠯᠬᠤ ᠭᠤᠣᠯ ᠮᠥᠷᠡᠨ ᠤ ᠤᠰᠤᠨ ᠤ ᠬᠡᠮᠵᠢᠶ᠎ᠡ ᠨᠢ ᠡᠩ ᠤᠨ ᠵᠢᠯ ᠤᠨ ᠠᠳᠠᠯᠢ ᠬᠤᠭᠤᠴᠠᠭᠠᠨ ᠤ ᠬᠢ ᠠᠴᠠ 2 ︱ 6 ᠬᠤᠪᠢ ᠳᠤᠲᠠᠭᠤ ᠪᠠᠶᠢᠨ᠎ᠠ᠃     ᠤᠰᠤᠨ ᠠᠰᠢᠭᠯᠠᠯᠲᠠ ᠶᠢᠨ ᠶᠠᠮᠤᠨ ᠤ ᠮᠡᠳᠡᠭᠡ ᠵᠠᠩᠭᠢ ᠶᠢᠨ ᠲᠥᠪ ᠤᠨ ᠤᠰᠤᠨ ᠰᠢᠨᠵᠢᠯᠡᠭᠡᠨ ᠤ ᠠᠬᠠᠯᠠᠬᠤ ᠤᠷᠢᠳᠴᠢᠯᠠᠨ ᠮᠡᠳᠡᠭᠡᠯᠡᠭᠴᠢ ᠾᠧᠦ ᠠᠢ ᠵᠥᠩ ᠢᠯᠡᠷᠬᠡᠶᠢᠯᠡᠬᠦ ᠳᠡᠭᠡᠨ᠂ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠦᠶᠡᠷ ᠤᠨ ᠬᠤᠭᠤᠴᠠᠭᠠᠨ ᠳᠤ ᠮᠠᠨ ᠤ ᠤᠯᠤᠰ ᠲᠤ ᠭᠠᠩᠳᠠᠯ ᠤᠰᠤᠲᠤᠯ ᠳᠠᠪᠬᠤᠴᠠᠵᠤ᠂ ᠤᠰᠤᠲᠤᠯ ᠨᠢ ᠭᠠᠩ ᠬᠠᠭᠰᠠᠷᠠᠭᠠᠨ ᠠᠴᠠ ᠬᠦᠨᠳᠦ ᠪᠣᠯᠵᠤ᠂ ᠪᠦᠭᠦ ᠤᠯᠤᠰ ᠤᠨ ᠲᠤᠯᠤᠭᠠᠨ ᠶᠡᠭᠡ ᠭᠤᠣᠯ ᠮᠥᠷᠡᠨ ᠳᠤ ᠴᠥᠮ ᠠᠳᠠᠯᠢ ᠪᠤᠰᠤ ᠬᠡᠮᠵᠢᠶᠡᠨ ᠤ ᠰᠢᠷᠦᠭᠦᠨ ᠪᠣᠷᠣᠭᠠᠨ ᠤ ᠦᠶᠡᠷ ᠡᠭᠦᠰᠴᠦ ᠮᠡᠳᠡᠨ᠎ᠡ᠂ ᠬᠡᠰᠡᠭ ᠭᠠᠵᠠᠷ ᠣᠷᠣᠨ ᠳᠤ ᠱᠠᠲᠤ ᠦᠶ᠎ᠡ ᠶᠢᠨ ᠴᠢᠨᠠᠷᠲᠠᠢ ᠭᠠᠩ ᠬᠠᠭᠰᠠᠷᠠᠭᠠᠨ ᠡᠭᠦᠰᠴᠦ ᠮᠡᠳᠡᠨ᠎ᠡ ᠭᠡᠵᠡᠢ᠃     ᠡᠨᠡ ᠵᠢᠯ ᠤᠨ ᠦᠶᠡᠷ ᠤᠨ ᠪᠠᠶᠢᠳᠠᠯ ᠳᠤ ᠴᠢᠭᠯᠡᠭᠦᠯᠦᠨ᠂ ᠤᠰᠤᠨ ᠠᠰᠢᠭᠯᠠᠯᠲᠠ ᠶᠢᠨ ᠶᠠᠮᠤᠨ ᠠᠴᠠ ᠦᠶᠡᠷ ᠢ ᠰᠡᠷᠭᠡᠶᠢᠯᠡᠬᠦ ᠪᠡᠯᠡᠳᠬᠡᠯ᠂ ᠦᠶᠡᠷ ᠤᠨ ᠬᠤᠭᠤᠴᠠᠭ᠎ᠠ ᠶᠢ ᠠᠷᠭᠠᠴᠠᠭᠠᠬᠤ᠂ ᠰᠡᠷᠭᠡᠶᠢᠯᠡᠯᠲᠡ ᠶᠢᠨ ᠰᠠᠭᠤᠷᠢ ᠠᠵᠢᠯ ᠵᠡᠷᠭᠡ ᠳᠤ ᠲᠣᠳᠣᠷᠬᠠᠢ ᠱᠠᠭᠠᠷᠳᠠᠯᠭ᠎ᠠ ᠳᠤᠷᠠᠳᠪᠠ᠃     ᠤᠰᠤᠨ ᠠᠰᠢᠭᠯᠠᠯᠲᠠ ᠶᠢᠨ ᠶᠠᠮᠤᠨ ᠤ ᠤᠰᠤ ᠭᠠᠩ ᠤᠨ ᠭᠠᠮᠰᠢᠭ ᠢ ᠰᠡᠷᠭᠡᠶᠢᠯᠡᠬᠦ ᠵᠤᠷᠭᠠᠨ ᠤ ᠦᠶᠡᠷ ᠢ ᠰᠡᠷᠭᠡᠶᠢᠯᠡᠬᠦ ᠨᠢᠭᠡᠳᠦᠭᠡᠷ ᠭᠠᠵᠠᠷ ᠤᠨ ᠳᠠᠷᠤᠭ᠎ᠠ ᠯᠥᠸᠧ ᠶᠢᠨ ᠵᠢᠶᠦ᠋ᠨ᠂ ᠰᠠᠪᠠ ᠭᠠᠵᠠᠷ ᠤᠨ ᠤᠰᠤᠨ ᠤ ᠢᠨᠵᠧᠨᠧᠷᠢᠩ ᠢ ᠨᠢᠭᠡᠳᠦᠯᠲᠡᠢ ᠬᠠᠮᠲᠤᠷᠠᠨ ᠲᠣᠬᠢᠷᠠᠭᠤᠯᠬᠤ ᠶᠢ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠵᠤ᠂ ᠤᠰᠤᠨ ᠴᠥᠭᠦᠷᠥᠮ ᠤᠨ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠪᠠᠲᠤᠯᠠᠨ᠎ᠠ ᠭᠡᠵᠦ ᠢᠯᠡᠳᠬᠡᠪᠡ᠃ ᠤᠰᠤᠨ ᠴᠥᠭᠦᠷᠥᠮ ᠢᠶᠠᠷ ᠲᠣᠭᠤᠷᠢᠨ ᠪᠠᠶᠢᠴᠠᠭᠠᠵᠤ ᠰᠡᠷᠭᠡᠶᠢᠯᠡᠬᠦ ᠶᠢ ᠴᠢᠩᠭᠠᠷᠠᠭᠤᠯᠤᠨ᠂ ᠠᠭᠤᠯᠠᠨ ᠦᠶᠡᠷ ᠤᠨ ᠭᠠᠮᠰᠢᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠰᠢᠰᠲ᠋ᠧᠮ ᠢ ᠭᠦᠢᠴᠡᠳ ᠬᠡᠷᠡᠭᠯᠡᠵᠦ᠂ ᠤᠷᠢᠳᠴᠢᠯᠠᠨ ᠰᠡᠷᠡᠮᠵᠢᠯᠡᠭᠦᠯᠵᠦ ᠨᠡᠶᠢᠲᠡᠯᠡᠬᠦ ᠶᠢ ᠴᠢᠩᠭᠠᠳᠬᠠᠨ᠂ ᠰᠡᠷᠭᠡᠶᠢᠯᠡᠯᠲᠡ ᠶᠢᠨ ᠪᠡᠯᠡᠳᠬᠡᠯ ᠲᠥᠰᠥᠯ ᠢ ᠲᠡᠭᠦᠯᠳᠡᠷᠵᠢᠭᠦᠯᠵᠦ᠂ ᠤᠷᠢᠳᠴᠢᠯᠠᠨ ᠰᠡᠷᠡᠮᠵᠢᠯᠡᠭᠦᠯᠦᠯᠲᠡ ᠳᠤ ︽ᠬᠠᠷᠢᠭᠤ ᠥᠭᠬᠦ︾ᠲᠣᠭᠲᠠᠴᠠ ᠶᠢ ᠨᠠᠶᠢᠳᠠᠪᠤᠷᠢᠵᠢᠭᠤᠯᠤᠨ᠂ ᠠᠵᠢᠯᠲᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃
ᠢᠷᠡᠯᠲᠡ᠄ ᠲᠥᠪ ᠲᠧᠯᠸᠢᠰ ᠤᠨ ᠰᠣᠨᠢᠨ ᠮᠡᠳᠡᠭᠡ