ᠵᠡᠭᠦᠠᠭᠠᠷ ᠬᠤᠰᠢᠭᠤ ᠶᠢᠨ ᠥᠨᠳᠥᠷ ᠪᠠᠷᠢᠮᠵᠢᠶᠠᠲᠦ ᠲᠠᠷᠢᠶᠠᠨ ᠭᠠᠵᠠᠷ ᠤᠨ ᠲᠥᠷᠥᠯ ᠵᠦᠢᠯ ᠠᠬᠢᠵᠤ ᠪᠤᠢ
ᠨᠡᠶᠢᠲᠡᠯᠡᠭᠰᠡᠨ ᠴᠠᠭ᠄
2024/4/15
      ᠡᠨᠡ ᠵᠢᠯ᠂ ᠵᠡᠭᠦᠠᠭᠠᠷ ᠬᠤᠰᠢᠭᠤ ᠤᠤᠯ ᠤᠨ 25.38 ᠲᠦᠮᠡᠨ ᠮᠤ᠋ ᠥᠨᠳᠥᠷ ᠪᠠᠷᠢᠮᠵᠢᠶᠠᠲᠦ ᠲᠠᠷᠢᠶᠠᠨ ᠭᠠᠵᠠᠷ ᠤᠨ ᠰᠠᠭᠤᠷᠢᠨ ᠳᠡᠭᠡᠷ᠎ᠡ 6.5 ᠲᠦᠮᠡᠨ ᠮᠤ᠋ ᠥᠨᠳᠥᠷ ᠪᠠᠷᠢᠮᠵᠢᠶᠠᠲᠦ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠨ᠎ᠡ ᠪᠠᠷ ᠨᠡᠮᠡᠭᠳᠡᠭᠦᠯᠪᠡ᠃      ᠲᠤᠰ ᠲᠥᠷᠥᠯ ᠵᠦᠢᠯ ᠨᠢ ᠱᠠᠭᠳᠠᠷ ᠪᠠᠯᠭᠠᠰᠤ᠂ ᠬᠠᠷᠠᠵᠠᠳᠠᠢ ᠰᠢᠶᠠᠩ᠂ ᠪᠤᠷᠤᠳᠤᠬᠤᠢ ᠰᠤᠮᠤ ᠵᠡᠷᠭᠡ 6 ᠰᠤᠮᠤ ᠰᠢᠶᠠᠩ ᠪᠠᠯᠭᠠᠰᠤ ᠪᠠ ᠵᠡᠭᠡᠯᠢ ᠭᠤᠳᠤᠮᠵᠢ ᠶᠢ ᠬᠠᠮᠤᠷᠴᠦ᠂ ᠤᠳᠤᠬᠠᠨ ᠳᠤ ᠲᠠᠷᠢᠶᠠᠨ ᠭᠠᠵᠠᠷ ᠢ ᠤᠰᠤᠯᠠᠬᠤ ᠪᠠ ᠤᠰᠤ ᠶᠢ ᠭᠠᠳᠠᠭᠰᠢᠯᠠᠭᠤᠯᠬᠤ᠂ ᠬᠥᠷᠦᠰᠦ ᠰᠢᠷᠤᠢ ᠶᠢ ᠰᠠᠶᠢᠵᠢᠷᠠᠭᠤᠯᠬᠤ ᠵᠡᠷᠭᠡ ᠠᠵᠢᠯ ᠡᠮᠬᠢ ᠲᠢᠭᠯᠢᠮ ᠲᠠᠢ ᠶᠠᠪᠤᠭᠳᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠰᠢᠨ᠎ᠡ ᠠᠬᠢᠴᠠ ᠲᠠᠢ ᠪᠤᠯᠵᠤ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ