ᠮᠠᠨ ᠤ ᠣᠷᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠥᠷᠨᠢᠭᠦᠯᠵᠡᠢ
ᠨᠡᠶᠢᠲᠡᠯᠡᠭᠰᠡᠨ ᠴᠠᠭ᠄
2024/4/15
     ᠣᠳᠣᠬᠠᠨ ᠳᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠡᠬᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠤᠳᠠᠯᠳᠤᠨ ᠠᠪᠬᠤ ᠪᠠ ᠪᠣᠷᠣᠯᠠᠭᠤᠯᠬᠤ ᠠᠷᠠᠯᠵᠢᠶ᠎ᠠ ᠢᠳᠡ ᠭᠦᠭ ᠲᠠᠢ ᠶᠠᠪᠤᠭᠳᠠᠵᠤ ᠪᠠᠶᠢᠨ᠎ᠠ᠃ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ᠂ ᠮᠠᠨ ᠤ ᠣᠷᠣᠨ ᠤ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠪᠡ᠃ ᠣᠳᠣᠬᠠᠨ ᠪᠤᠯᠲᠠᠯ᠎ᠠ᠂ ᠪᠦᠭᠦ ᠣᠷᠣᠨ ᠳᠤ 510 ᠬᠢᠮᠢ ᠶᠢᠨ ᠪᠣᠷᠳᠣᠭᠤᠷ᠂ ᠲᠠᠷᠢᠶᠠᠯᠠᠩ ᠤᠨ ᠰᠦᠯᠢᠶᠥᠦ ᠪᠦᠷᠬᠦᠪᠴᠢ ᠳᠤᠰᠤᠯᠭᠠᠨ ᠤᠰᠤᠯᠠᠬᠤ ᠪᠦᠰᠡ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠠᠵᠤ ᠠᠬᠤᠶᠢᠯᠠᠯ ᠳᠤ ᠰᠤᠭᠤᠴᠢᠨ ᠪᠠᠶᠢᠴᠠᠭᠠᠯᠲᠠ ᠬᠢᠪᠡ᠃          ᠣᠶᠢᠯᠠᠭᠠᠭᠰᠠᠨ ᠢᠶᠠᠷ᠂ ᠲᠤᠰᠬᠠᠢ ᠪᠠᠶᠢᠴᠠᠭᠠᠯᠲᠠ ᠳᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠠᠵᠤ ᠠᠬᠤᠶᠢᠯᠠᠯ ᠤᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠲᠡᠮᠳᠡᠭᠯᠡᠯ᠂ ᠦᠢᠯᠡᠳᠬᠦᠨ ᠢ ᠰᠢᠯᠭᠠᠨ ᠪᠠᠶᠢᠴᠠᠭᠠᠭᠰᠠᠨ ᠲᠡᠮᠳᠡᠭᠯᠡᠯ᠂ ᠬᠢᠷᠢ ᠲᠡᠩᠴᠡᠭᠰᠡᠨ ᠦᠨᠡᠮᠯᠡᠯ ᠵᠢᠴᠢ ᠦᠢᠯᠡᠳᠬᠦᠨ ᠤ ᠬᠤᠯᠪᠣᠭᠳᠠᠯ ᠪᠦᠬᠦᠢ ᠢᠯᠡᠷᠬᠡᠶᠢᠯᠡᠯᠲᠦ ᠲᠡᠮᠳᠡᠭ ᠤᠨ ᠲᠣᠳᠣᠷᠬᠠᠶᠢᠯᠠᠯᠲᠠ ᠵᠡᠷᠭᠡ ᠵᠠᠩᠭᠢᠯᠠᠭ᠎ᠠ ᠶᠢᠨ ᠬᠦᠴᠦᠨ ᠵᠦᠢᠯ ᠢ ᠭᠤᠣᠯᠳᠠᠯᠭ᠎ᠠ ᠲᠠᠢ ᠪᠠᠶᠢᠴᠠᠭᠠᠪᠠ; ᠦᠢᠯᠡᠳᠪᠦᠷᠢᠯᠡᠵᠦ ᠪᠣᠷᠣᠯᠠᠭᠤᠯᠬᠤ ᠠᠵᠤ ᠠᠬᠤᠶᠢᠯᠠᠯ ᠤᠨ ᠶᠠᠰᠤ ᠴᠢᠨᠠᠷ ᠤᠨ ᠠᠮᠤᠷ ᠲᠦᠪᠰᠢᠨ ᠤ ᠶᠡᠷᠦᠩᠬᠡᠢ ᠬᠢᠨᠠᠭᠴᠢ ᠪᠠ ᠶᠠᠰᠤ ᠴᠢᠨᠠᠷ ᠤᠨ ᠠᠮᠤᠷ ᠲᠦᠪᠰᠢᠨ ᠤ ᠠᠵᠢᠯᠲᠠᠨ ᠲᠣᠬᠢᠷᠠᠭᠤᠯᠤᠭᠰᠠᠨ ᠡᠰᠡᠬᠦ᠂ ᠶᠠᠰᠤ ᠴᠢᠨᠠᠷ ᠤᠨ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢᠨ ︽ᠬᠤᠶᠠᠷ ᠲᠣᠭᠲᠠᠭᠠᠯ︾ ᠢ ᠨᠠᠶᠢᠳᠠᠪᠤᠷᠢᠵᠢᠭᠤᠯᠤᠭᠰᠠᠨ ᠡᠰᠡᠬᠦ ᠶᠢ ᠪᠠᠶᠢᠴᠠᠭᠠᠪᠠ; ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠦᠢᠯᠡᠳᠪᠦᠷᠢᠯᠡᠵᠦ ᠪᠣᠷᠣᠯᠠᠭᠤᠯᠬᠤ ᠨᠢᠭᠡᠴᠢ ᠳᠤ ᠤᠬᠠᠭᠤᠯᠭ᠎ᠠ ᠬᠥᠮᠦᠵᠢᠯ ᠥᠷᠨᠢᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠢᠯᠡᠳᠬᠦᠨ ᠤ ᠶᠠᠰᠤ ᠴᠢᠨᠠᠷ ᠤᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢ ᠲᠦᠭᠡᠮᠡᠯᠵᠢᠭᠦᠯᠦᠨ᠂ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠤᠬᠠᠮᠰᠠᠷ ᠠᠴᠠ ᠪᠠᠨ ᠬᠠᠤᠯᠢ ᠶᠢ ᠰᠠᠬᠢᠨ᠂ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠬᠥᠲᠥᠯᠥᠨ ᠵᠢᠯᠤᠭᠤᠳᠴᠤ᠂ ᠶᠠᠰᠤ ᠴᠢᠨᠠᠷ ᠤᠨ ᠠᠶᠤᠯᠭᠦᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃     ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠮᠠᠨ ᠤ ᠣᠷᠣᠨ ᠤ ᠡᠯ᠎ᠡ ᠭᠠᠵᠠᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢᠭᠡᠨᠲᠡ ᠠᠵᠤ ᠠᠬᠤᠶᠢᠯᠠᠯ ᠢ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ ᠠᠵᠤ ᠠᠬᠤᠶᠢᠯᠠᠯ ᠤᠨ ᠦᠢᠯᠡᠳᠪᠦᠷᠢᠯᠡᠯ ᠤᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠳᠤ᠂ ᠬᠠᠤᠯᠢ ᠬᠡᠷᠡᠭᠵᠢᠭᠦᠯᠬᠦ ᠠᠵᠢᠯᠲᠠᠨ ᠶᠠᠰᠤ ᠴᠢᠨᠠᠷ ᠢᠶᠠᠷ ᠬᠠᠪᠰᠤᠷᠤᠨ ᠲᠡᠳᠬᠦᠬᠦ ᠦᠢᠯᠡᠴᠢᠯᠡᠭᠡᠨ ᠤ ᠵᠢᠯᠣᠭᠤᠳᠤᠯᠭ᠎ᠠ ᠬᠢᠪᠡ᠃ ᠡᠭᠦᠨ ᠤ ᠬᠠᠮᠲᠤ᠂ ᠬᠢᠮᠢ ᠶᠢᠨ ᠪᠣᠷᠳᠣᠭᠤᠷ᠂ ᠲᠠᠷᠢᠶᠠᠯᠠᠩ ᠤᠨ ᠰᠦᠯᠢᠶᠥᠦ ᠪᠦᠷᠬᠦᠪᠴᠢ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠢᠯᠡᠳᠬᠦᠨ ᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠭᠠᠷᠴᠠᠭ︾ ᠲᠤ ᠣᠷᠣᠭᠤᠯᠵᠤ᠂ ᠦᠢᠯᠡᠳᠬᠦᠨ ᠤ ᠥᠯᠢᠭᠡᠷ ᠠᠪᠴᠤ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ