ᠲᠦᠷᠦᠭᠦᠦ ᠤᠯᠠᠷᠢᠯ ᠳᠤ ᠮᠠᠨ ᠤ ᠬᠤᠲᠠ ᠠᠷᠠᠳ ᠤᠨ ᠶᠠᠪᠤᠳᠠᠯ ᠤᠨ ᠦᠢᠯᠡᠰ ᠲᠤ ᠨᠡᠶᠢᠲᠡ 1.42 ᠳ᠋ᠦᠩᠰᠢᠭᠤᠷ ᠲᠦᠭᠦᠷᠢᠭ ᠵᠠᠷᠤᠴᠠᠭᠤᠯᠵᠠᠢ
ᠨᠡᠶᠢᠲᠡᠯᠡᠭᠰᠡᠨ ᠴᠠᠭ᠄
2024/4/16
      ᠣᠶᠢᠷ᠎ᠠ ᠶᠢᠨ ᠡᠳᠦᠷ᠂ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠠᠴᠠ ᠣᠶᠢᠯᠭᠠᠭᠰᠠᠨ ᠢᠶᠠᠷ᠂ 2024 ᠣᠨ ᠤ ᠲᠦᠷᠦᠭᠦᠦ ᠤᠯᠠᠷᠢᠯ ᠳᠤ᠂ ᠮᠠᠨ ᠬᠤᠲᠠ ᠠᠷᠠᠳ ᠤᠨ ᠶᠠᠪᠤᠳᠠᠯ ᠤᠨ ᠦᠢᠯᠡᠰ ᠲᠤ ᠨᠡᠶᠢᠲᠡ 1.42 ᠳ᠋ᠦᠩᠰᠢᠭᠤᠷ ᠲᠦᠭᠦᠷᠢᠭ ᠵᠠᠷᠤᠴᠠᠭᠤᠯᠵᠤ᠂ ᠨᠠᠰᠤᠲᠠᠶᠢᠴᠤᠳ᠂ ᠵᠡᠮᠳᠡᠭᠴᠦᠳ᠂ ᠥᠨᠥᠴᠢᠨ ᠬᠡᠦᠬᠡᠳ᠂ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠳᠡᠭᠡᠳ ᠤᠨ 150182 ᠬᠦᠮᠦᠨ ᠳᠤ ᠠᠰᠢᠭ ᠬᠦᠷᠲᠡᠭᠡᠭᠰᠡᠨ ᠪᠠᠶᠢᠨ᠎ᠠ᠃      ᠨᠡᠶᠢᠬᠡᠮ ᠤᠨ ᠠᠰᠠᠷᠠᠮᠵᠢ ᠶᠢᠨ ᠵᠠᠷᠤᠳᠠᠯ ᠳᠤ ᠨᠡᠶᠢᠲᠡ 4195.8 ᠲᠦᠮᠡᠨ ᠲᠦᠭᠦᠷᠢᠭ ᠵᠠᠷᠤᠴᠠᠭᠤᠯᠵᠤ᠂ ᠡᠭᠦᠨ ᠳᠤ᠂ ᠬᠡᠦᠬᠡᠳ ᠤᠨ ᠠᠰᠠᠷᠠᠮᠵᠢ ᠶᠢᠨ ᠵᠠᠷᠤᠳᠠᠯ ᠨᠡᠶᠢᠲᠡ 488.6 ᠲᠦᠮᠡᠨ ᠲᠦᠭᠦᠷᠢᠭ᠂ ᠵᠡᠮᠳᠡᠭᠴᠦᠳ ᠤᠨ ᠠᠰᠠᠷᠠᠮᠵᠢ ᠶᠢᠨ ᠵᠠᠷᠤᠳᠠᠯ ᠨᠡᠶᠢᠲᠡ1555.5 ᠲᠦᠮᠡᠨ ᠲᠦᠭᠦᠷᠢᠭ᠂ ᠨᠠᠰᠤᠲᠠᠶᠢᠴᠤᠳ ᠤᠨ ᠠᠰᠠᠷᠠᠮᠵᠢ ᠶᠢᠨ ᠵᠠᠷᠤᠳᠠᠯ ᠨᠡᠶᠢᠲᠡ 1930.7 ᠲᠦᠮᠡᠨ ᠲᠦᠭᠦᠷᠢᠭ᠂ ᠪᠤᠰᠤᠳ ᠨᠡᠶᠢᠬᠡᠮ ᠤᠨ ᠠᠰᠠᠷᠠᠮᠵᠢ ᠶᠢᠨ ᠵᠠᠷᠤᠳᠠᠯ ᠨᠡᠶᠢᠲᠡ 221 ᠲᠦᠮᠡᠨ ᠲᠦᠭᠦᠷᠢᠭ ᠪᠠᠭᠳᠠᠨ᠎ᠠ︔ ᠨᠡᠶᠢᠬᠡᠮ ᠤᠨ ᠠᠪᠤᠷᠠᠨ ᠲᠤᠰᠠᠯᠠᠬᠤ ᠵᠠᠷᠤᠳᠠᠯ ᠳᠤ ᠨᠡᠶᠢᠲᠡ 8453.2 ᠲᠦᠮᠡᠨ ᠲᠦᠭᠦᠷᠢᠭ ᠵᠠᠷᠤᠴᠠᠭᠤᠯᠵᠤ᠂ ᠡᠭᠦᠨ ᠳᠤ᠂ ᠠᠮᠢᠳᠤᠷᠠᠯ ᠤᠨ ᠬᠠᠮᠤᠭ ᠎ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠷᠤᠳᠠᠯ ᠨᠡᠶᠢᠲᠡ 5039.9 ᠲᠦᠮᠡᠨ ᠲᠦᠭᠦᠷᠢᠭ᠂ ᠣᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠵᠠᠷᠤᠳᠠᠯ ᠨᠡᠶᠢᠲᠡ 2330.6 ᠲᠦᠮᠡᠨ ᠲᠦᠭᠦᠷᠢᠭ᠂ ᠲᠦᠷ ᠴᠠᠭ ᠤᠨ ᠠᠪᠤᠷᠠᠨ ᠲᠤᠰᠠᠯᠠᠬᠤ ᠵᠠᠷᠤᠳᠠᠯ ᠨᠡᠶᠢᠲᠡ 927.8 ᠲᠦᠮᠡᠨ ᠲᠦᠭᠦᠷᠢᠭ᠂ ᠠᠮᠢᠳᠤᠷᠠᠯ ᠤᠨ ᠠᠪᠤᠷᠠᠨ ᠲᠤᠰᠠᠯᠠᠬᠤ ᠪᠤᠰᠤᠳ ᠵᠠᠷᠤᠳᠠᠯ ᠨᠡᠶᠢᠲᠡ 154.9 ᠲᠦᠮᠡᠨ ᠲᠦᠭᠦᠷᠢᠭ ᠪᠠᠭᠲᠠᠨ᠎ᠠ︔ ᠠᠷᠠᠳ ᠤᠨ ᠶᠠᠪᠤᠳᠠᠯ ᠤᠨ ᠬᠠᠮᠢᠶᠠᠷᠤᠯᠲᠠ ᠶᠢᠨ ᠶᠠᠪᠤᠳᠠᠯ ᠤᠨ ᠪᠤᠰᠤᠳ ᠵᠠᠷᠤᠳᠠᠯ ᠳᠤ ᠨᠡᠶᠢᠲᠡ 1572.8 ᠲᠦᠮᠡᠨ ᠲᠦᠭᠦᠷᠢᠭ ᠵᠠᠷᠤᠴᠠᠭᠤᠯᠪᠠ᠃     ᠳᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠎ ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠳᠠᠭᠤᠳᠠᠯ ᠢᠶᠠᠨ ᠨᠥᠬᠦᠪᠦᠷᠢᠯᠡᠵᠤ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠦᠨ᠂ ᠴᠢᠨᠠᠷᠵᠢᠯ ᠢ ᠳᠡᠭᠡᠭᠰᠢᠯᠡᠬᠦᠯᠵᠤ᠂ ᠲᠡᠷᠢᠭᠦᠨ ᠤ ᠬᠢ ᠪᠤᠯᠬᠤ ᠪᠠᠷ ᠬᠦᠴᠦᠯᠡᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃  
ᠢᠷᠡᠯᠲᠡ᠄ ᠣᠷᠳᠣᠰ ᠤᠨ ᠡᠳᠦᠷ ᠰᠤᠨᠢᠨ