ᠣᠶᠢᠷ᠎ᠠ ᠶᠢᠨ ᠡᠳᠦᠷ᠂ ᠬᠤᠲᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠠᠴᠠ ᠣᠶᠢᠯᠭᠠᠭᠰᠠᠨ ᠢᠶᠠᠷ᠂ 2024 ᠣᠨ ᠤ ᠲᠦᠷᠦᠭᠦᠦ ᠤᠯᠠᠷᠢᠯ ᠳᠤ᠂ | ᠮᠠᠨ ᠬᠤᠲᠠ ᠠᠷᠠᠳ ᠤᠨ ᠶᠠᠪᠤᠳᠠᠯ ᠤᠨ ᠦᠢᠯᠡᠰ ᠲᠤ ᠨᠡᠶᠢᠲᠡ 1.42 ᠳ᠋ᠦᠩᠰᠢᠭᠤᠷ ᠲᠦᠭᠦᠷᠢᠭ ᠵᠠᠷᠤᠴᠠᠭᠤᠯᠵᠤ᠂ ᠨᠠᠰᠤᠲᠠᠶᠢᠴᠤᠳ᠂ ᠵᠡᠮᠳᠡᠭᠴᠦᠳ᠂ ᠥᠨᠥᠴᠢᠨ | ᠬᠡᠦᠬᠡᠳ᠂ ᠠᠮᠢᠳᠤᠷᠠᠯ ᠬᠦᠴᠢᠷᠳᠡᠯᠲᠡᠢ ᠤᠯᠠᠨ ᠲᠦᠮᠡᠨ ᠵᠡᠷᠭᠡ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠡᠳᠡᠭᠡᠳ ᠤᠨ 150182 ᠬᠦᠮᠦᠨ ᠳᠤ ᠠᠰᠢᠭ | ᠬᠦᠷᠲᠡᠭᠡᠭᠰᠡᠨ ᠪᠠᠶᠢᠨ᠎ᠠ᠃ | ᠨᠡᠶᠢᠬᠡᠮ ᠤᠨ ᠠᠰᠠᠷᠠᠮᠵᠢ ᠶᠢᠨ ᠵᠠᠷᠤᠳᠠᠯ ᠳᠤ ᠨᠡᠶᠢᠲᠡ 4195.8 ᠲᠦᠮᠡᠨ ᠲᠦᠭᠦᠷᠢᠭ ᠵᠠᠷᠤᠴᠠᠭᠤᠯᠵᠤ᠂ ᠡᠭᠦᠨ ᠳᠤ᠂ ᠬᠡᠦᠬᠡᠳ ᠤᠨ ᠠᠰᠠᠷᠠᠮᠵᠢ ᠶᠢᠨ | ᠵᠠᠷᠤᠳᠠᠯ ᠨᠡᠶᠢᠲᠡ 488.6 ᠲᠦᠮᠡᠨ ᠲᠦᠭᠦᠷᠢᠭ᠂ ᠵᠡᠮᠳᠡᠭᠴᠦᠳ ᠤᠨ ᠠᠰᠠᠷᠠᠮᠵᠢ ᠶᠢᠨ ᠵᠠᠷᠤᠳᠠᠯ ᠨᠡᠶᠢᠲᠡ1555.5 ᠲᠦᠮᠡᠨ ᠲᠦᠭᠦᠷᠢᠭ᠂ ᠨᠠᠰᠤᠲᠠᠶᠢᠴᠤᠳ ᠤᠨ | ᠠᠰᠠᠷᠠᠮᠵᠢ ᠶᠢᠨ ᠵᠠᠷᠤᠳᠠᠯ ᠨᠡᠶᠢᠲᠡ 1930.7 ᠲᠦᠮᠡᠨ ᠲᠦᠭᠦᠷᠢᠭ᠂ ᠪᠤᠰᠤᠳ ᠨᠡᠶᠢᠬᠡᠮ ᠤᠨ ᠠᠰᠠᠷᠠᠮᠵᠢ ᠶᠢᠨ ᠵᠠᠷᠤᠳᠠᠯ ᠨᠡᠶᠢᠲᠡ 221 ᠲᠦᠮᠡᠨ ᠲᠦᠭᠦᠷᠢᠭ | ᠪᠠᠭᠳᠠᠨ᠎ᠠ︔ ᠨᠡᠶᠢᠬᠡᠮ ᠤᠨ ᠠᠪᠤᠷᠠᠨ ᠲᠤᠰᠠᠯᠠᠬᠤ ᠵᠠᠷᠤᠳᠠᠯ ᠳᠤ ᠨᠡᠶᠢᠲᠡ 8453.2 ᠲᠦᠮᠡᠨ ᠲᠦᠭᠦᠷᠢᠭ ᠵᠠᠷᠤᠴᠠᠭᠤᠯᠵᠤ᠂ ᠡᠭᠦᠨ ᠳᠤ᠂ ᠠᠮᠢᠳᠤᠷᠠᠯ ᠤᠨ ᠬᠠᠮᠤᠭ | ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠷᠤᠳᠠᠯ ᠨᠡᠶᠢᠲᠡ 5039.9 ᠲᠦᠮᠡᠨ ᠲᠦᠭᠦᠷᠢᠭ᠂ ᠣᠨᠴᠠ ᠬᠦᠴᠢᠷᠳᠡᠯᠲᠡᠢ ᠬᠦᠮᠦᠰ ᠢ ᠠᠪᠤᠷᠠᠨ ᠲᠤᠰᠠᠯᠠᠵᠤ ᠠᠰᠠᠷᠠᠨ | ᠲᠡᠵᠢᠭᠡᠬᠦ ᠵᠠᠷᠤᠳᠠᠯ ᠨᠡᠶᠢᠲᠡ 2330.6 ᠲᠦᠮᠡᠨ ᠲᠦᠭᠦᠷᠢᠭ᠂ ᠲᠦᠷ ᠴᠠᠭ ᠤᠨ ᠠᠪᠤᠷᠠᠨ ᠲᠤᠰᠠᠯᠠᠬᠤ ᠵᠠᠷᠤᠳᠠᠯ ᠨᠡᠶᠢᠲᠡ 927.8 ᠲᠦᠮᠡᠨ ᠲᠦᠭᠦᠷᠢᠭ᠂ | ᠠᠮᠢᠳᠤᠷᠠᠯ ᠤᠨ ᠠᠪᠤᠷᠠᠨ ᠲᠤᠰᠠᠯᠠᠬᠤ ᠪᠤᠰᠤᠳ ᠵᠠᠷᠤᠳᠠᠯ ᠨᠡᠶᠢᠲᠡ 154.9 ᠲᠦᠮᠡᠨ ᠲᠦᠭᠦᠷᠢᠭ ᠪᠠᠭᠲᠠᠨ᠎ᠠ︔ ᠠᠷᠠᠳ ᠤᠨ ᠶᠠᠪᠤᠳᠠᠯ ᠤᠨ ᠬᠠᠮᠢᠶᠠᠷᠤᠯᠲᠠ ᠶᠢᠨ | ᠶᠠᠪᠤᠳᠠᠯ ᠤᠨ ᠪᠤᠰᠤᠳ ᠵᠠᠷᠤᠳᠠᠯ ᠳᠤ ᠨᠡᠶᠢᠲᠡ 1572.8 ᠲᠦᠮᠡᠨ ᠲᠦᠭᠦᠷᠢᠭ ᠵᠠᠷᠤᠴᠠᠭᠤᠯᠪᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠦᠷᠭᠦᠯᠵᠢᠯᠡᠨ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ | ᠳᠤ ᠠᠩᠬᠠᠷᠤᠯ ᠢᠶᠠᠨ ᠲᠥᠪᠯᠡᠷᠡᠭᠦᠯᠦᠨ᠂ ᠲᠤᠳᠠᠭᠤᠳᠠᠯ ᠢᠶᠠᠨ ᠨᠥᠬᠦᠪᠦᠷᠢᠯᠡᠵᠤ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠦᠨ᠂ ᠴᠢᠨᠠᠷᠵᠢᠯ ᠢ ᠳᠡᠭᠡᠭᠰᠢᠯᠡᠬᠦᠯᠵᠤ᠂ | ᠲᠡᠷᠢᠭᠦᠨ ᠤ ᠬᠢ ᠪᠤᠯᠬᠤ ᠪᠠᠷ ᠬᠦᠴᠦᠯᠡᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ | | |