ᠠᠯᠲᠠᠨᠭᠠᠷᠤᠳᠢ᠄ ᠠᠷᠠᠳ ᠤᠯᠠᠨ ᠤ ᠡᠷᠡᠭᠦᠯ ᠮᠡᠨᠳᠦ ᠶᠢᠨ ᠲᠥᠯᠥᠭᠡ ᠵᠢᠳᠬᠦᠨ᠎ᠡ
ᠨᠡᠶᠢᠲᠡᠯᠡᠭᠰᠡᠨ ᠴᠠᠭ᠄
2024/4/18
     9 ᠰᠠᠷ᠎ᠠ ᠶᠢᠨ 30 ᠤ ᠦᠳᠡ ᠶᠢᠨ ᠡᠮᠦᠨᠡᠬᠢ 9 ᠴᠠᠭ ᠲᠤ ᠰᠣᠷᠪᠤᠯᠵᠢᠯᠠᠭ᠎ᠠ ᠠᠪᠤᠶ᠎ᠠ ᠭᠡᠰᠡᠨ ᠪᠣᠯᠵᠤᠭ᠎ᠠ ᠶᠣᠰᠣᠭᠠᠷ ᠥᠪᠥᠷ ᠮᠣᠩᠭᠤᠯ ᠤᠨ ᠤᠯᠠᠨ ᠤᠯᠤᠰ  ᠤᠨ ᠮᠣᠩᠭᠤᠯ ᠡᠮᠨᠡᠯᠭᠡ ᠶᠢᠨ ᠬᠤᠷᠢᠶ᠎ᠠ ᠶᠢᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠶᠢᠨ ᠬᠦᠨᠳᠦ ᠡᠪᠡᠳᠴᠢᠲᠡᠨ ᠤ ᠲᠠᠰᠤᠭ ᠲᠤ ᠬᠦᠷᠬᠦ ᠳᠤ᠂ ︽ᠲᠠᠨ ᠤ ᠠᠪᠤᠭᠠᠢ ᠶᠢᠨ ᠠᠭᠤᠰᠬᠢᠨ ᠳᠤ ᠬᠦᠨᠳᠦ ᠬᠠᠯᠳᠠᠪᠤᠷᠢᠯᠠᠭᠳᠠᠭᠰᠠᠨ ᠪᠠᠶᠢᠳᠠᠯ ᠢᠯᠡᠷᠡᠵᠡᠢ᠂ ᠡᠨᠡ ᠡᠳᠦᠷ ᠠᠭᠤᠰᠬᠢᠨ ᠲᠣᠯᠢ ᠬᠢᠵᠦ ᠴᠡᠷ ᠢ ᠨᠢ ᠴᠡᠪᠡᠷᠯᠡᠬᠦ ᠭᠡᠵᠦ ᠪᠠᠶᠢᠨ᠎ᠠ᠃ ᠲᠠ ᠪᠢᠲᠡᠭᠡᠢ ᠰᠠᠨᠳᠤᠷ ᠠ᠋᠂ ᠪᠢᠳᠡ ᠯᠠᠪᠲᠠᠢ ᠪᠦᠭᠦ ᠬᠦᠴᠦ ᠪᠠᠨ ᠰᠢᠪᠬᠠᠵᠤ ᠡᠮᠴᠢᠯᠡᠨ᠎ᠡ︾ ᠭᠡᠵᠦ ᠬᠦᠯᠢᠴᠡᠩᠭᠦᠢ ᠨᠢᠮᠪᠠᠢ ᠲᠠᠶᠢᠯᠪᠤᠷᠢᠯᠠᠵᠤ ᠪᠠᠶᠢᠭᠰᠠᠨ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠶᠢᠨ ᠳᠡᠳ᠋ ᠡᠷᠭᠢᠯᠡᠭᠴᠢ ᠡᠮᠴᠢ ᠠᠯᠲᠠᠨᠭᠠᠷᠤᠳᠢ ᠲᠠᠢ ᠲᠠᠭᠠᠷᠠᠯᠳᠤᠯ᠎ᠠ᠃ ᠲᠡᠷᠡ ᠡᠪᠡᠳᠴᠢᠲᠡᠨ ᠤ ᠪᠠᠶᠢᠳᠠᠯ ᠢ ᠭᠡᠷ ᠤᠨ ᠬᠥᠮᠥᠰ ᠲᠤᠨᠢ ᠲᠤᠰᠢᠶᠠᠵᠤ ᠪᠠᠷᠠᠮᠠᠭᠴᠠ ᠬᠦᠨᠳᠦ ᠡᠪᠡᠳᠴᠢᠲᠡᠨ ᠤ ᠲᠠᠰᠤᠭ ᠵᠦᠭ ᠢᠶᠠᠨ ᠲᠦᠷᠭᠡᠯᠡᠨ ᠠᠯᠬᠤᠬᠤ ᠶᠢᠨ ᠵᠡᠷᠭᠡ ᠪᠠᠷ ︽11 ᠳ᠋ᠦ᠋ᠭᠡᠷ ᠣᠷᠣ ᠶᠢᠨ ᠡᠪᠡᠳᠴᠢᠲᠡᠨ ᠳᠤ ᠠᠭᠤᠰᠬᠢᠨ ᠲᠣᠯᠢ ᠬᠢᠬᠦ ᠪᠠᠷ ᠪᠡᠯᠡᠳᠬᠡᠶ᠎ᠡ︾ ᠭᠡᠵᠦ ᠰᠤᠪᠢᠯᠠᠭᠴᠢ ᠳᠤ ᠵᠠᠬᠢᠨ᠎ᠠ᠃     ︽ᠮᠢᠨᠤ ᠡᠪᠦᠭᠡᠨ ᠭᠡᠨᠡᠳᠲᠡ ᠲᠠᠷᠢᠬᠢᠨ ᠳᠤᠨᠢ ᠴᠢᠰᠤ ᠬᠠᠷᠪᠤᠵᠤ ᠠᠯᠲᠠᠨᠭᠠᠷᠤᠳᠢ ᠡᠮᠴᠢ ᠶᠢᠨ ᠠᠳᠡ ᠬᠦᠷᠭᠡᠵᠦ ᠢᠷᠡᠵᠠᠢ᠂ ᠲᠡᠭᠦᠨ ᠤ ᠮᠡᠷᠭᠡᠵᠢᠯ ᠨᠢ ᠥᠨᠳᠥᠷ ᠮᠥᠷᠲᠡᠭᠡᠨ ᠡᠪᠡᠳᠴᠢᠲᠡᠨ ᠳᠤ ᠬᠠᠨᠳᠤᠬᠤ ᠣᠪᠣᠷ ᠨᠢ ᠰᠠᠶᠢᠨ᠂ ᠮᠠᠰᠢ ᠬᠠᠷᠢᠭᠤᠴᠠᠯᠭ᠎ᠠ ᠲᠠᠢ ᠶᠤᠮ᠃ ᠪᠢ ᠡᠳᠦᠷ ᠪᠦᠷᠢ ᠠᠳᠡ ᠢᠷᠡᠵᠦ ᠡᠪᠦᠭᠡᠨ ᠤ ᠪᠠᠨ ᠪᠠᠶᠢᠳᠠᠯ ᠢ ᠠᠰᠠᠭᠤᠬᠤ ᠳᠤ ᠲᠡᠷᠡ ᠤᠳᠠᠭ᠎ᠠ ᠪᠦᠷᠢ ᠨᠠᠳᠠ ᠳᠤ ᠮᠠᠰᠢ ᠨᠠᠷᠢᠯᠢᠭ ᠰᠠᠶᠢᠬᠠᠨ ᠬᠡᠯᠡᠵᠦ ᠦᠭᠳᠡᠭ ᠁︾ ᠭᠡᠵᠦ ᠠᠯᠲᠠᠨᠭᠠᠷᠤᠳᠢ ᠡᠮᠴᠢ ᠶᠢ ᠬᠦᠯᠢᠶᠡᠬᠦ ᠵᠠᠭᠤᠷ᠎ᠠ ᠰᠠᠶ᠋ᠢ ᠶᠢᠨ ᠡᠪᠡᠳᠴᠢᠲᠡᠨ ᠤ ᠡᠬᠡᠨᠡᠷ ᠨᠢ ᠰᠤᠷᠪᠤᠯᠵᠢᠯᠠᠬᠴᠢ ᠲᠠᠢ ᠡᠨᠡ ᠲᠡᠷᠡ ᠶᠢ ᠶᠠᠷᠢᠯᠴᠠᠵᠤ᠂ ᠨᠢᠭᠡ ᠮᠡᠳᠡᠬᠦ ᠳᠤ ᠴᠠᠭ ᠬᠢᠷᠢᠲᠡᠢ ᠥᠩᠭᠡᠷᠡᠴᠢᠬᠡᠪᠡ᠃     ︽ᠬᠠᠮᠢᠶ᠎ᠠ ᠦᠭᠡᠢ᠂ ᠪᠢᠲᠡᠭᠡᠢ ᠵᠣᠷᠢᠭ ᠰᠢᠨᠲᠠᠷᠠ᠂ ᠢᠯᠡᠭᠦᠬᠡᠨ ᠰᠤᠷᠤᠯᠴᠠᠵᠦ ᠢᠯᠡᠭᠦᠬᠡᠨ ᠦᠵᠡᠵᠦ ᠢᠯᠡᠭᠦᠬᠡᠨ ᠠᠰᠠᠭᠤᠵᠤ ᠯᠠ ᠪᠠᠶᠢᠪᠠᠯ ᠤᠳᠠᠭᠠᠨ ᠳᠠᠭᠠᠨ ᠪᠦᠷ ᠮᠡᠷᠭᠡᠵᠢᠯ ᠳᠡᠭᠡᠭᠰᠢᠯᠡᠵᠦ ᠲᠤᠷᠰᠢᠯᠭ᠎ᠠ ᠠᠷᠪᠢᠨ ᠪᠣᠯᠣᠨ᠎ᠠ︾ ᠭᠡᠵᠦ ᠠᠯᠲᠠᠨᠭᠠᠷᠤᠳᠢ ᠡᠮᠴᠢ ᠳᠦᠷᠢᠮᠵᠢᠭᠦᠯᠦᠯᠳᠡ ᠶᠢᠨ ᠪᠣᠯᠪᠠᠰᠤᠷᠠᠯ ᠬᠦᠷᠲᠡᠵᠦ ᠪᠠᠶᠢᠭ᠎ᠠ ᠵᠠᠯᠠᠭᠤ ᠡᠮᠴᠢ  ᠶᠢᠨ ᠢᠦᠢ ᠲᠠᠢ ᠶᠠᠷᠢᠯᠴᠠᠭᠰᠠᠭᠠᠷ ᠬᠦᠨᠳᠦ ᠡᠪᠡᠳᠴᠢᠨ ᠤ ᠲᠠᠰᠤᠭ ᠠᠴᠠ ᠭᠠᠷᠴᠤ ᠢᠷᠡᠪᠡ᠃     ᠮᠠᠨ ᠤ ᠰᠣᠷᠪᠤᠯᠵᠢᠯᠠᠭ᠎ᠠ ᠡᠶᠢᠨ ᠬᠦ᠋‍ ᠨᠢᠭᠡ ᠴᠠᠭ ᠤᠨ ᠳᠠᠷᠠᠭ᠎ᠠ ᠬᠦᠨᠳᠦ ᠡᠪᠡᠳᠴᠢᠲᠡᠨ ᠤ ᠲᠠᠰᠤᠭ ᠤᠨ ᠭᠠᠳᠠᠨ᠎ᠠ ᠶᠠᠪᠤᠭᠳᠠᠯ᠎ᠠ᠃ ︽ᠠᠭᠤᠴᠢᠯᠠᠭᠠᠷᠠᠢ᠂ ᠠᠯᠪᠠᠨ ᠭᠡᠷ ᠲᠤ ᠠᠭᠤᠵᠢᠭᠤᠬᠠᠨ ᠰᠠᠭᠤᠵᠤ ᠰᠣᠷᠪᠤᠯᠵᠢᠯᠠᠭ᠎ᠠ ᠬᠦᠯᠢᠶᠡᠬᠦ ᠵᠠᠪ ᠦᠭᠡᠢ ᠪᠣᠯᠣᠯ᠎ᠠ᠃ ᠥᠴᠥᠭᠡᠳᠦᠷ ᠪᠠᠰᠠ ᠬᠤᠶᠠᠷ ᠬᠦᠨᠳᠦ ᠡᠪᠡᠳᠴᠢᠲᠡᠨ ᠢ ᠭᠥᠯᠢᠶᠡᠨ ᠠᠪᠴᠤ ᠡᠮᠴᠢᠯᠡᠪᠡ᠂ ᠡᠨᠡ ᠡᠳᠦᠷ ᠳᠡᠳᠡᠨ ᠤ ᠡᠪᠡᠳᠴᠢᠨ ᠤ ᠪᠠᠶᠢᠳᠠᠯ ᠢ ᠠᠵᠢᠭᠯᠠᠵᠤ ᠬᠢᠨᠠᠨ ᠬᠡᠮᠵᠢᠯᠲᠡ ᠬᠢᠬᠦ ᠴᠢᠬᠤᠯᠠᠲᠠᠢ ᠪᠠᠶᠢᠨ᠎ᠠ᠃ ᠪᠢᠳᠡ ᠣᠯᠠᠩᠬᠢ ᠳᠠᠭᠠᠨ ᠬᠦᠨᠳᠦ ᠡᠪᠡᠳᠴᠢᠲᠡᠨ ᠤ ᠲᠠᠰᠤᠭ ᠲᠠᠭᠠᠨ ᠪᠠᠶᠢᠵᠤ᠂ ᠵᠠᠪ ᠴᠢᠯᠦᠭᠡ ᠪᠠᠷ ᠢᠶᠠᠨ ᠪᠠᠰᠠ ᠵᠠᠯᠠᠭᠤ ᠡᠮᠴᠢ ᠨᠠᠷ ᠲᠤ ᠬᠢᠴᠢᠶᠡᠯ ᠣᠷᠣᠳᠠᠭ︾ ᠭᠡᠵᠦ ᠠᠯᠲᠠᠨᠭᠠᠷᠤᠳᠢ ᠶᠠᠷᠢᠨ᠎ᠠ᠃     ︽ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠵᠢᠵᠢᠭᠦᠷ ᠡᠭᠡᠯᠵᠢ ᠠᠴᠠ ᠪᠤᠰᠤᠳ ᠴᠠᠭ ᠢᠶᠠᠷ ᠭᠠᠳᠠᠭᠰᠢ ᠭᠠᠷᠴᠤ ᠵᠢᠭᠤᠯᠴᠢᠯᠠᠨ ᠲᠣᠭᠤᠷᠢᠬᠤ ᠲᠥᠯᠥᠪᠯᠡᠭᠡ ᠦᠭᠡᠢ ᠤᠤ︖︾ ᠭᠡᠵᠦ ᠠᠰᠠᠭᠤᠬᠤ ᠳᠤ᠂ ︽ᠪᠢ ᠬᠦᠨᠳᠦ ᠡᠪᠡᠳᠴᠢᠨ ᠤ ᠠᠨᠠᠭᠠᠬᠤ ᠤᠬᠠᠭᠠᠨ ᠤ ᠰᠠᠯᠠᠭ᠎ᠠ ᠳᠤ ᠢᠷᠡᠭᠰᠡᠨ 11 ᠵᠢᠯ ᠤᠨ ᠲᠤᠷᠰᠢ ᠤᠯᠤᠰ ᠤᠨ ᠪᠠᠶᠠᠷ ᠤᠨ ᠠᠮᠠᠷᠠᠯᠲᠠ ᠪᠠᠷ ᠴᠢᠯᠦᠭᠡ ᠠᠪᠴᠤ ᠭᠠᠳᠠᠭᠰᠢ ᠭᠠᠷᠤᠭᠰᠠᠨ ᠤᠳᠠᠭ᠎ᠠ ᠦᠭᠡᠢ᠃ ᠴᠡᠭᠡᠵᠢᠯᠡᠵᠦ ᠪᠠᠶᠢᠬᠤ ᠪᠠᠷ 2017 ᠣᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠬᠡᠳᠦᠨ ᠡᠳᠦᠷ ᠲᠤ ᠳᠤᠯᠤᠭ᠎ᠠ ᠨᠠᠢᠮᠠᠨ ᠬᠦᠨᠳᠦ ᠡᠪᠡᠳᠴᠢᠲᠡᠨ ᠢ ᠭᠥᠯᠢᠶᠡᠨ ᠠᠪᠴᠤ ᠡᠮᠴᠢᠯᠡᠨ᠂ ᠭᠡᠷ ᠲᠡᠭᠡᠨ ᠴᠦ ᠣᠯᠵᠤ ᠬᠠᠷᠢᠭᠰᠠᠨ ᠦᠭᠡᠢ︾ ᠭᠡᠵᠦ ᠠᠯᠲᠠᠨᠭᠠᠷᠤᠳᠢ ᠡᠷᠭᠢᠴᠡᠭᠦᠯᠦᠨ ᠶᠠᠷᠢᠭᠰᠠᠨ ᠢᠶᠠᠨ᠄︽ᠡᠨᠡ ᠥᠷᠯᠥᠭᠡ ᠭᠡᠷ ᠠᠴᠠ ᠭᠠᠷᠴᠤ ᠢᠷᠡᠬᠦ ᠦᠶᠡᠰ ᠡᠬᠡᠨᠡᠷ ᠮᠢᠨᠢ ︿ᠠᠵᠢᠯ ᠴᠢᠨᠢ ᠡᠷᠲᠡ ᠪᠠᠷᠠᠪᠠᠯ ᠬᠤᠶᠠᠷ ᠬᠦᠦ ᠪᠠᠨ ᠬᠥᠭᠡᠲᠡᠯ᠎ᠡ ᠪᠠᠷ ᠴᠦ ᠭᠡᠰᠡᠨ ᠨᠢᠭᠡ ᠲᠣᠭᠤᠷᠢᠭᠤᠯᠤᠭᠠᠳ ᠢᠷᠡᠬᠦ ᠦᠭᠡᠢ ᠤᠤ︖﹀ ᠭᠡᠵᠦ ᠵᠠᠬᠢᠵᠤ ᠪᠠᠶᠢᠭᠰᠠᠨ ᠠ᠋᠃ ᠮᠢᠨᠤ ᠠᠵᠢᠯ ᠶᠠᠭᠠᠷᠠᠤ ᠪᠣᠯᠬᠤᠷ ᠭᠡᠷ ᠪᠦᠯᠢ ᠪᠠᠨ ᠬᠠᠷᠠᠭᠠᠯᠵᠠᠬᠤ ᠴᠠᠭ ᠳᠡᠮᠡᠢ ᠦᠭᠡᠢ᠂ ᠬᠦᠦ ᠳᠡᠭᠡᠨ ᠪᠠᠷ᠎ᠠ ᠪᠣᠯᠵᠤ ᠲᠣᠭᠯᠠᠬᠤ ᠴᠠᠭ ᠨᠡᠩ ᠴᠦ ᠴᠥᠭᠡᠨ᠂ ᠬᠤᠶᠠᠷ ᠬᠦᠦ ᠮᠢᠨᠢ ᠦᠷᠭᠦᠯᠵᠢ ᠤᠷᠤᠭᠤᠯ ᠱᠥᠪᠥᠶᠢᠯᠭᠡᠨ ᠡᠰᠡᠷᠭᠦᠴᠡᠯ ᠲᠠᠯᠪᠢᠳᠠᠭ︾ ᠭᠡᠵᠦ ᠶᠠᠷᠢᠬᠤ ᠪᠠᠷ ᠡᠬᠡᠨᠡᠷ ᠬᠡᠦᠬᠡᠳ ᠲᠡᠭᠡᠨ ᠣᠰᠣᠯᠳᠠᠭᠰᠠᠨ ᠬᠠᠷᠠᠮᠰᠠᠯ ᠴᠢᠷᠠᠢ ᠳᠤᠨᠢ ᠲᠣᠳᠣᠷᠠᠨ᠎ᠠ᠃     ︽ᠤᠯᠤᠰ ᠤᠨ ᠪᠠᠶᠠᠷ ᠤᠨ ᠠᠮᠠᠷᠠᠯᠲᠠ ᠶᠢᠨ ᠵᠢᠵᠢᠭᠦᠷ ᠡᠭᠡᠯᠵᠢ ᠳᠤ ᠠ᠊ ᠪᠠᠭᠰᠢ ᠶᠢ ᠬᠤᠶᠠᠷ ᠡᠳᠦᠷ ᠲᠣᠬᠢᠷᠠᠭᠤᠯᠤᠭᠰᠠᠨ ᠪᠠᠶᠢᠪᠠ᠂ ᠶᠡᠷᠦ ᠨᠢ ᠡᠭᠡᠯᠵᠢ ᠶᠢᠨ ᠡᠳᠦᠷ ᠪᠢᠰᠢ ᠴᠦ ᠭᠡᠰᠡᠨ ᠠ᠊ ᠪᠠᠭᠰᠢ ᠦᠳᠡ ᠶᠢᠨ ᠡᠮᠦᠨ᠎ᠡ ᠳᠡᠭᠡᠨ ᠪᠦᠷ ᠡᠮᠨᠡᠯᠭᠡ ᠶᠢᠨ ᠬᠤᠷᠢᠶ᠎ᠠ ᠳᠤ ᠪᠠᠶᠢᠳᠠᠭ᠃ ᠮᠠᠨ ᠤ ᠵᠠᠯᠠᠭᠤ ᠡᠮᠴᠢ ᠡᠪᠡᠳᠴᠢᠲᠡᠨ ᠢ ᠡᠮᠨᠡᠨ ᠵᠠᠰᠠᠬᠤ ᠶᠠᠪᠤᠴᠠ ᠳᠤ ᠬᠦᠴᠢᠷ ᠲᠦᠪᠡᠭᠲᠡᠢ ᠪᠠᠶᠢᠳᠠᠯ ᠲᠣᠬᠢᠶᠠᠯᠳᠤᠵᠤ ᠰᠠᠨᠳᠤᠷᠪᠠᠯ ᠰᠥᠨᠢ ᠪᠠᠷ ᠴᠦ ᠭᠡᠰᠡᠨ ᠠ᠊ ᠪᠠᠭᠰᠢ ᠳᠤ ᠤᠲᠠᠰᠤᠳᠠᠵᠤ ᠲᠤᠰᠠᠯᠠᠮᠵᠢ ᠭᠤᠶᠤᠳᠠᠭ ᠶᠤᠮ︾ ᠭᠡᠵᠦ ᠶᠢᠨ ᠢᠦᠢ ᠬᠠᠵᠠᠭᠤ ᠠᠴᠠ ᠶᠠᠷᠢᠨ᠎ᠠ᠃     ︽ᠮᠣᠩᠭᠤᠯ ᠠᠨᠠᠭᠠᠬᠤ ᠤᠬᠠᠭᠠᠨ ᠬᠢᠭᠡᠳ ᠤᠳᠤ ᠦᠶ᠎ᠡ ᠶᠢᠨ ᠠᠨᠠᠭᠠᠬᠤ ᠤᠬᠠᠭᠠᠨ ᠢ ᠤᠶᠠᠯᠳᠤᠭᠤᠯᠤᠨ ᠬᠦᠨᠳᠦ ᠲᠦᠭᠰᠢᠭᠦᠷᠢᠲᠡᠢ ᠡᠪᠡᠳᠴᠢᠲᠡᠨ ᠢ ᠡᠮᠨᠡᠨ ᠵᠠᠰᠠᠬᠤ ᠪᠣᠯ ᠮᠠᠨ ᠤ ᠰᠠᠯᠠᠭᠠᠨ ᠤ ᠲᠠᠷᠠᠭ᠎ᠠ ᠠᠯᠬᠤᠮ ᠤᠨ ᠡᠮᠴᠢᠯᠡᠭᠡᠨ ᠤ ᠰᠤᠳᠤᠯᠭᠠᠨ ᠪᠠ ᠬᠠᠶᠢᠨ ᠰᠦᠪᠡᠭᠴᠢᠯᠡᠯᠲᠡ ᠶᠢᠨ ᠴᠢᠭᠯᠡᠯ ᠮᠥᠨ᠃ ᠬᠤᠶᠢᠰᠢᠳᠠ ᠪᠢ ᠤᠯᠤᠰ ᠤᠨ ᠳᠣᠲᠣᠭᠠᠳᠤ ᠶᠢᠨ ᠲᠡᠷᠢᠭᠦᠨ ᠤ ᠤᠨᠤᠯ ᠮᠡᠷᠭᠡᠵᠢᠯ ᠢ ᠰᠤᠷᠤᠯᠴᠠᠬᠤ ᠲᠡᠳᠦᠢ ᠦᠭᠡᠢ ᠭᠠᠳᠠᠭᠠᠳᠤ ᠭᠡᠯᠡ ᠪᠠᠨ ᠬᠦᠴᠦ ᠭᠠᠷᠭᠠᠨ ᠰᠠᠶᠢᠬᠠᠨ ᠡᠵᠡᠮᠰᠢᠵᠦ᠂ ᠭᠠᠳᠠᠭᠠᠳᠤ ᠶᠢᠨ ᠲᠡᠷᠢᠭᠦᠨ ᠤ ᠮᠡᠷᠭᠡᠵᠢᠯ ᠢ ᠴᠦ ᠰᠢᠩᠭᠡᠬᠡᠨ ᠠᠪᠤᠨ᠎ᠠ᠃ ᠲᠠᠭᠢᠪᠠᠯ ᠮᠠᠨ ᠤ ᠬᠦᠨᠳᠦ ᠡᠪᠡᠳᠴᠢᠨ ᠤ ᠰᠠᠯᠠᠭ᠎ᠠ ᠲᠠᠰᠤᠭ ᠢᠶᠠᠨ ᠭᠠᠳᠠᠭᠰᠢ ᠰᠠᠶᠢᠬᠠᠨ ᠤᠬᠠᠭᠤᠯᠤᠶ᠎ᠠ᠂ ᠪᠢᠳᠡ ᠲᠣᠳᠢ ᠰᠢᠪᠠᠭᠤᠨ ᠤ ᠪᠣᠬᠢᠷᠳᠤᠯ ᠵᠡᠷᠭᠡ ᠬᠡᠳᠦᠨ ᠬᠤᠪᠣᠷ ᠲᠣᠬᠢᠶᠠᠯᠳᠤᠬᠤ ᠡᠪᠡᠳᠴᠢᠨ ᠢ ᠣᠬᠤᠷᠬᠠᠨ ᠴᠠᠭ ᠲᠤ ᠵᠥᠪ ᠤᠨᠤᠪᠴᠢᠳᠠᠢ ᠣᠨᠣᠰᠢᠯᠠᠵᠤ᠂ ᠪᠡᠭᠡᠵᠢᠩ ᠵᠡᠷᠭᠡ ᠣᠷᠣᠨ ᠤ ᠭᠠᠳᠠᠨᠠᠬᠢ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠣᠨᠣᠰᠢᠯᠠᠬᠤ ᠳᠤ ᠳᠡᠳᠡᠨ ᠤ ᠥᠨᠳᠥᠷ ᠦᠨᠡᠯᠡᠯᠲᠡ ᠶᠢ ᠣᠯᠵᠤ ᠪᠠᠶᠢᠭᠰᠠᠨ︾ ᠭᠡᠵᠦ ᠬᠤᠶᠢᠰᠢᠳᠠ ᠶᠢᠨ ᠠᠵᠢᠯ ᠦᠢᠯᠡᠰ ᠤᠨ ᠲᠥᠯᠥᠪᠯᠡᠭᠡ ᠪᠠᠨ ᠬᠤᠪᠢᠶᠠᠯᠴᠠᠬᠤ ᠳᠤ ︽ᠠ᠊ ᠪᠠᠭᠰᠢ ᠠ᠋᠂ 1 ᠳ᠋ᠦ᠋ᠭᠡᠷ ᠣᠷᠣ ᠶᠢᠨ ᠡᠪᠡᠳᠴᠢᠲᠡᠨ ᠤ ᠴᠢᠰᠤᠨ ᠤ ᠬᠦᠴᠢᠯᠲᠥ᠋ᠷᠥᠭᠴᠢ ᠶᠢᠨ ᠬᠠᠨᠤᠮᠵᠢ ᠶᠢᠨ ᠬᠡᠮᠵᠢᠶ᠎ᠡ ᠳᠣᠣᠷ᠎ᠠ ᠪᠣᠯᠴᠢᠬᠠᠵᠠᠢ︾ ᠭᠡᠰᠡᠨ ᠰᠤᠪᠢᠯᠠᠭᠴᠢ ᠶᠢᠨ ᠪᠠᠴᠢᠮ ᠳᠠᠭᠤᠨ ᠲᠤᠭᠤᠯᠳᠠᠯ᠎ᠠ᠃ ︽ᠠᠭᠤᠴᠢᠯᠠᠭᠠᠷᠠᠢ᠂ ᠡᠨᠡ ᠡᠳᠦᠷ ᠤᠨ ᠰᠣᠷᠪᠤᠯᠵᠢᠯᠠᠭ᠎ᠠ ᠦᠷᠭᠦᠯᠵᠢᠯᠡᠬᠦ ᠳᠤ ᠬᠦᠴᠢᠷ ᠪᠣᠯᠣᠯ᠎ᠠ᠂ ᠪᠢ ᠪᠠᠷᠤᠭ ᠨᠢᠭᠡ ᠦᠶ᠎ᠡ ᠶᠠᠭᠠᠷᠠᠬᠤ ᠪᠠᠶᠢᠬ᠎ᠠ︾ ᠭᠡᠵᠦ ᠠᠯᠲᠠᠨᠭᠠᠷᠤᠳᠢ ᠡᠮᠴᠢ ᠰᠤᠷᠪᠤᠯᠵᠢᠯᠠᠬᠴᠢ ᠳᠤ ᠶᠠᠷᠢᠬᠤ ᠶᠢᠨ ᠳᠠᠭᠠᠤ ᠬᠦᠨᠳᠦ ᠡᠪᠡᠳᠴᠢᠲᠡᠨ ᠤ ᠲᠠᠰᠤᠭ ᠵᠦᠭ ᠢᠶᠠᠨ ᠱᠣᠭᠰᠢᠯ᠎ᠠ᠃     ᠪᠢᠳᠡᠨ ᠤ ᠰᠣᠷᠪᠤᠯᠵᠢᠯᠠᠭ᠎ᠠ ᠡᠶᠢᠨ ᠬᠦ ᠳᠥᠭᠦᠮᠬᠡᠨ ᠶᠠᠪᠤᠭᠳᠠᠭᠰᠠᠨ ᠪᠤᠯᠪᠠᠴᠦ ᠠᠷᠠᠳ ᠤᠯᠠᠨ ᠤ ᠡᠷᠡᠭᠦᠯ ᠮᠡᠨᠳᠦ ᠶᠢᠨ ᠲᠥᠯᠥᠭᠡ ᠭᠡᠰᠡᠨ ᠡᠮᠴᠢ ᠬᠥᠮᠥᠨ ᠤ ᠵᠢᠳᠬᠦᠯ ᠢ ᠰᠡᠳᠬᠢᠯ ᠢᠶᠠᠷ ᠢᠶᠠᠨ ᠮᠡᠳᠡᠷᠡᠭᠰᠡᠨ ᠶᠤᠮ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ