ᠮᠠᠨ ᠤ ᠬᠤᠲᠠ ᠶᠢᠨ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 46.4%᠎ ᠪᠠᠷ ᠨᠡᠮᠡᠭᠳᠡᠵᠤ ᠨᠡᠮᠡᠭᠳᠡᠯ ᠤᠨ ᠬᠤᠷᠳᠤᠴᠠ ᠪᠦᠬᠦ ᠤᠷᠤᠨ ᠳᠤ ᠲᠡᠷᠢᠭᠦᠯᠡᠪᠡ
ᠨᠡᠶᠢᠲᠡᠯᠡᠭᠰᠡᠨ ᠴᠠᠭ᠄
2024/4/26
       1— 3 ᠰᠠᠷ᠎ᠠ ᠳᠤ᠂ ᠮᠠᠨ ᠤ ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠬᠤᠪᠢ ᠨᠡᠮᠡᠷᠢ ᠳᠣᠪᠤᠶᠢᠮ᠎ᠠ ᠪᠠᠶᠢᠵᠤ᠂ ᠪᠦᠬᠦ ᠬᠤᠲᠠ ᠶᠢᠨ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠬᠥᠭᠵᠢᠶᠡᠨᠲᠡᠢ ᠡᠬᠢᠯᠡᠯᠲᠡ ᠲᠠᠢ ᠪᠤᠯᠪᠠ᠃ 1— 3 ᠰᠠᠷ᠎ᠠ ᠳᠤ᠂ ᠮᠠᠨ ᠤ ᠬᠤᠲᠠ ᠶᠢᠨ ᠲᠤᠭᠲᠠᠮᠠᠯ ᠬᠥᠷᠥᠩᠭᠡ ᠶᠢᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 46.4%᠎ ᠪᠠᠷ ᠨᠡᠮᠡᠭᠳᠡᠨ᠂ ᠤᠯᠤᠰ ᠤᠨ ᠬᠢ ᠠᠴᠠ ᠵᠠᠭᠤᠨ ᠤ ᠬᠤᠪᠢ ᠬᠠᠷᠢᠴᠠᠯ ᠎ ᠢᠶᠠᠷ 42.2 ᠥᠨᠳᠥᠷ ᠪᠤᠯᠵᠤ᠂ ᠥᠪᠡᠷᠲᠡᠭᠡᠨ ᠵᠠᠰᠠᠬᠤ ᠤᠷᠤᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 14.9 ᠥᠨᠳᠥᠷ ᠪᠤᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠤᠷᠤᠨ ᠳᠤ ᠲᠡᠷᠢᠭᠦᠯᠡᠪᠡ᠃      ᠴᠢᠬᠤᠯᠠ ᠶᠡᠭᠡ ᠲᠥᠷᠥᠯ ᠵᠦᠢᠯ ᠤᠨ ᠪᠡᠯᠡ ᠤᠷᠤᠭᠤᠯᠤᠯᠲᠠ ᠬᠥᠭᠵᠢᠶᠡᠨ ᠲᠠᠢ ᠪᠤᠯᠪᠠ᠃ 1— 3 ᠰᠠᠷ᠎ᠠ ᠳᠤ᠂ ᠮᠠᠨ ᠤ ᠬᠤᠲᠠ ᠶᠢᠨ 25 ᠲᠥᠷᠥᠯ ᠵᠦᠢᠯ ᠤᠨ ᠪᠡᠯᠡ ᠤᠷᠤᠭᠤᠯᠤᠯᠲᠠ ᠳ᠋ᠦᠩᠰᠢᠭᠤᠷ ᠲᠥᠭᠦᠷᠢᠭ ᠢ ᠳᠠᠪᠠᠵᠤ᠂ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ 57.5%᠎ ᠪᠠᠷ ᠨᠡᠮᠡᠭᠳᠡᠨ᠂ ᠪᠦᠬᠦ ᠬᠤᠲᠠ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 46.7 ᠳᠠᠶᠢᠴᠢᠯᠠᠵᠤ᠂ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠷᠬᠡᠢ ᠪᠤᠯᠪᠠ᠃ ᠡᠭᠦᠨ ᠳᠤ᠂ ᠬᠤᠶᠠᠳᠤᠭᠠᠷ ᠠᠵᠤ ᠦᠢᠯᠡᠰ ᠤᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠡᠵᠡᠯᠡᠬᠦ ᠬᠠᠷᠢᠴᠠᠯ ᠨᠢ ᠠᠷᠪᠠᠨ ᠤ ᠵᠢᠷᠭᠤᠭᠠᠨ ᠬᠤᠪᠢ ᠶᠢ ᠳᠠᠪᠠᠵᠤ᠂ ᠳ᠋ᠦᠩᠰᠢᠭᠤᠷ ᠲᠦᠭᠦᠷᠢᠭ ᠎ ᠠᠴᠠ ᠳᠡᠭᠡᠭᠰᠢᠬᠢ ᠦᠢᠯᠡᠳᠬᠦ ᠦᠢᠯᠡᠰ ᠤᠨ ᠪᠡᠯᠡ ᠤᠷᠤᠭᠤᠯᠤᠯᠲᠠ ᠨᠢ ᠠᠳᠠᠯᠢ ᠬᠤᠭᠤᠴᠠᠭᠠᠨ ᠤ ᠬᠢ ᠠᠴᠠ 172.4%᠎ ᠪᠠᠷ ᠨᠡᠮᠡᠭᠳᠡᠵᠤ᠂ ᠪᠤᠤ ᠹᠧᠩ ᠨᠡᠭᠦᠷᠡᠰᠦ ᠎ ᠪᠠᠷ ᠰᠠᠭᠤᠷᠢ ᠪᠤᠯᠭᠠᠭᠰᠠᠨ ᠰᠢᠨ᠎ᠡ ᠮᠠᠲ᠋ᠧᠷᠢᠶᠠᠯ᠂ ᠮᠧᠩ ᠰᠢ ᠶᠢᠨ ᠨᠡᠭᠦᠷᠡᠰᠦ ᠮᠠᠯᠲᠠᠭᠰᠠᠨ ᠠᠴᠠ ᠪᠤᠯᠵᠤ ᠳᠤᠷᠤᠭᠰᠢ ᠰᠠᠭᠤᠭᠳᠠᠭᠰᠠᠨ ᠤᠷᠤᠨ ᠤ ᠰᠢᠨ᠎ᠡ ᠡᠨᠧᠷᠬᠢ ᠎ ᠶᠢᠨ ᠲᠥᠷᠥᠯ ᠵᠦᠢᠯ ᠤᠨ ᠬᠤᠪᠢᠶᠠᠷᠢ ᠲᠥᠷᠥᠯ ᠵᠦᠢᠯ᠂ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠤᠷᠤᠨ ᠤ ᠭᠡᠷᠡᠯ ᠴᠡᠨᠡᠭ ᠤᠨ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠪᠠᠶᠢᠰᠢᠩ ᠤᠨ ᠲᠥᠷᠥᠯ ᠵᠦᠢᠯ᠂ ᠮᠧᠩ ᠰᠤ᠋ ᠨᠡᠭᠦᠷᠡᠰᠦᠳᠦ᠋ᠷᠦᠭᠴᠢ ᠥᠯᠥ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠰᠢᠨ᠎ᠡ ᠡᠨᠧᠷᠬᠢ ᠶᠢᠨ ᠲᠥᠷᠥᠯ ᠵᠦᠢᠯ ᠤᠨ ᠬᠦᠴᠦᠲᠡᠢ ᠳᠠᠶᠢᠴᠢᠯᠠᠯᠲᠠ ᠪᠠᠷ ᠴᠢᠬᠤᠯᠠ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃      ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ ᠶᠡᠭᠡ ᠪᠠᠷ ᠨᠡᠮᠡᠭᠳᠡᠪᠡ᠃ 1— 3 ᠰᠠᠷ᠎ᠠ ᠳᠤ᠂ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 61.6%᠎ ᠪᠠᠷ ᠨᠡᠮᠡᠭᠳᠡᠵᠤ᠂ ᠪᠦᠬᠦ ᠬᠤᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 15.2 ᠥᠨᠳᠥᠷ ᠪᠤᠯᠪᠠ᠃ ᠶᠡᠷᠦᠩᠬᠡᠢ ᠬᠡᠮᠵᠢᠶ᠎ᠡ ᠨᠢ ᠪᠦᠬᠦ ᠬᠤᠲᠠ ᠶᠢᠨ ᠪᠡᠯᠡ ᠤᠷᠤᠭᠤᠯᠤᠯᠲᠠ ᠶᠢᠨ 83.2%᠎ ᠢ ᠡᠵᠡᠯᠡᠵᠤ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 7.9 ᠨᠡᠮᠡᠭᠳᠡᠵᠤ᠂ ᠪᠦᠬᠦ ᠪᠡᠯᠡ ᠤᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 46.4 ᠳᠠᠶᠢᠴᠢᠯᠠᠪᠠ᠃ ᠡᠭᠦᠨ ᠳᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 171.4%᠎ ᠪᠠᠷ ᠨᠡᠮᠡᠭᠳᠡᠵᠤ᠂  ᠪᠦᠬᠦ ᠬᠤᠲᠠ ᠶᠢᠨ ᠪᠡᠯᠡ ᠤᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 38.2 ᠳᠠᠶᠢᠴᠢᠯᠠᠪᠠ᠃      ᠠᠷᠠᠳ ᠤᠨ ᠪᠡᠯᠡ ᠤᠷᠤᠭᠤᠯᠤᠯᠲᠠ ᠶᠢᠨ ᠲᠤᠯᠭᠠᠭᠤᠷᠢᠯᠠᠯ ᠬᠦᠴᠦᠨ ᠲᠡᠭᠦᠯᠳᠡᠷ ᠪᠤᠯᠪᠠ᠃ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠎ ᠶᠢᠨ ᠴᠢᠨᠠᠷ ᠰᠠᠶᠢᠲᠠᠢ ᠬᠥᠭᠵᠢᠯᠲᠠ ᠶᠢ ᠳᠡᠮᠵᠢᠬᠦ ᠪᠠ ᠭᠠᠶᠢᠯᠢ ᠶᠢ ᠬᠥᠩᠭᠡᠷᠡᠭᠦᠯᠵᠤ ᠰᠦᠢᠳᠬᠡᠯ ᠢ ᠪᠠᠭᠤᠷᠠᠭᠤᠯᠬᠤ ᠵᠡᠷᠭᠡ ᠡᠯ᠎ᠡ ᠵᠦᠢᠯ ᠤᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠪᠦᠬᠦ ᠬᠤᠲᠠ ᠶᠢᠨ ᠬᠤᠳᠠᠯᠳᠤᠭ᠎ᠠ ᠡᠷᠬᠢᠯᠡᠬᠦ ᠤᠷᠴᠢᠨ ᠠᠬᠤᠢ ᠦᠷᠭᠦᠯᠵᠢᠯᠡᠨ ᠰᠠᠶᠢᠵᠢᠷᠠᠵᠤ᠂ ᠠᠷᠠᠳ ᠤᠨ ᠪᠡᠯᠡ ᠤᠷᠤᠭᠤᠯᠤᠯᠲᠠ ᠲᠤᠭᠲᠠᠭᠤᠨ ᠢᠶᠠᠷ ᠨᠡᠮᠡᠭᠳᠡᠬᠦ ᠬᠠᠨᠳᠤᠰᠢ ᠪᠠᠨ ᠪᠠᠲᠤᠯᠠᠪᠠ᠃ 1— 3 ᠰᠠᠷ᠎ᠠ ᠳᠤ᠂ ᠠᠷᠠᠳ ᠤᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠎ ᠤ ᠬᠢ ᠠᠴᠠ 28.1%᠎ ᠪᠠᠷ ᠨᠡᠮᠡᠭᠳᠡᠵᠤ᠂ ᠪᠦᠬᠦ ᠪᠡᠯᠡ ᠤᠷᠤᠭᠤᠯᠤᠯᠲᠠ ᠶᠢᠨ 47.2%᠎ ᠢ ᠡᠵᠡᠯᠡᠵᠤ᠂ ᠪᠦᠬᠦ ᠪᠡᠯᠡ ᠤᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 15.2 ᠳᠠᠶᠢᠴᠢᠯᠠᠪᠠ᠃ ᠡᠭᠦᠨ ᠳᠤ᠂ ᠠᠵᠤ ᠦᠢᠯᠡᠳᠪᠦᠷᠢ ᠶᠢᠨ ᠠᠷᠠᠳ ᠤᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠎ ᠠᠴᠠ 32.2%᠎ ᠢᠶᠠᠷ ᠨᠡᠮᠡᠭᠳᠡᠵᠤ᠂ ᠠᠷᠠᠳ ᠤᠨ ᠪᠡᠯᠡ ᠤᠷᠤᠭᠤᠯᠤᠯᠲᠠ ᠶᠢᠨ 71.4%᠎ ᠶᠢ ᠡᠵᠡᠯᠡᠵᠤ᠂ ᠠᠷᠠᠳ ᠤᠨ ᠪᠡᠯᠡ ᠤᠷᠤᠭᠤᠯᠤᠯᠲᠠ ᠶᠢᠨ ᠪᠦᠬᠦ ᠨᠡᠮᠡᠭᠳᠡᠯ ᠎ ᠢ ᠵᠠᠭᠤᠨ ᠤ ᠬᠤᠪᠢ ᠶᠢᠨ ᠬᠠᠷᠢᠴᠠᠯ ᠢᠶᠠᠷ 22.3 ᠳᠠᠶᠢᠴᠢᠯᠠᠪᠠ᠃ ᠠᠷᠠᠳ ᠤᠨ ᠪᠡᠯᠡ ᠤᠷᠤᠭᠤᠯᠤᠯᠲᠠ ᠬᠥᠭᠵᠢᠶᠡᠨ ᠲᠠᠢ ᠪᠤᠯᠤᠭᠰᠠᠨ ᠠᠴᠠ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠥᠷᠨᠢᠩᠭᠦᠢ ᠬᠥᠭᠵᠢᠯᠲᠡ ᠶᠢ ᠴᠢᠨᠠᠭᠰᠢᠳᠠ ᠠᠬᠢᠭᠤᠯᠤᠭᠰᠠᠨ ᠪᠠᠶᠢᠨ᠎ᠠ᠃  
ᠢᠷᠡᠯᠲᠡ᠄ ᠲᠣᠲᠣᠷᠬᠠᠢ ᠦᠭᠡᠢ