ᠰᠢᠨᠬᠤᠸᠠ ᠬᠤᠷᠢᠶ᠎ᠠ ᠶᠢᠨ ᠴᠦᠩᠴᠢᠩ ᠤᠨ 4 ᠰᠠᠷ᠎ᠠ ᠶᠢᠨ 25 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 4 ᠰᠠᠷ᠎ᠠ ᠶᠢᠨ 23 ᠤ ᠡᠳᠦᠷ ᠬᠠᠭᠤᠷᠠᠢ ᠵᠠᠮ ᠤᠨ ᠴᠡᠷᠢᠭ ᠤᠨ | ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠵᠤ᠂ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ | ᠲᠠᠶᠢᠨ ᠤ ᠲᠠᠯᠠᠪᠤᠷ ᠲᠤ ᠬᠠᠨᠳᠤᠵᠤ᠂ ᠴᠡᠷᠢᠭ ᠠᠩᠭᠢ ᠳᠤ ᠬᠠᠨᠳᠤᠵᠤ᠂ ᠢᠷᠡᠭᠡᠳᠦᠢ ᠳᠤ ᠬᠠᠨᠳᠤᠵᠤ᠂ ᠰᠤᠷᠭᠠᠭᠤᠯᠢ ᠡᠷᠭᠢᠯᠡᠵᠤ ᠬᠥᠮᠥᠨ ᠢ ᠬᠥᠮᠥᠵᠢᠭᠦᠯᠬᠦ ᠲᠦᠪᠰᠢᠨ | ᠪᠣᠯᠣᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠳᠡᠯᠡᠬᠡᠢ ᠶᠢᠨ ᠲᠡᠷᠢᠭᠦᠨ ᠵᠡᠷᠭᠡ ᠶᠢᠨ | ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | | 4 ᠰᠠᠷ᠎ᠠ ᠶᠢᠨ 23 ᠤ ᠡᠳᠦᠷ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠠᠵᠢᠯ ᠪᠠᠶᠢᠴᠠᠭᠠᠪᠠ᠃ ᠵᠢᠷᠤᠭ ᠪᠣᠯ ᠰᠢ ᠶᠢᠨ | ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ | ᠠᠭᠤᠯᠵᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠦᠳᠡ ᠶᠢᠨ ᠡᠮᠦᠨᠡᠬᠢ 9 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠳᠤ ᠬᠦᠷᠴᠦ᠂ | ᠡᠩ ᠲᠡᠷᠢᠭᠦᠨ ᠳᠤ ᠶᠡᠭᠡ ᠰᠤᠷᠭᠠᠭᠤᠯᠢ ᠶᠢᠨ ᠦᠨᠳᠦᠰᠦᠨ ᠪᠠᠶᠢᠳᠠᠯ ᠪᠣᠯᠣᠨ ᠳᠠᠶᠢᠨ ᠤ ᠲᠠᠯᠠᠪᠤᠷ ᠤᠨ ᠡᠮᠴᠢᠯᠡᠭᠡᠨ ᠤ ᠠᠪᠤᠷᠠᠨ ᠵᠠᠰᠠᠬᠤ ᠭᠤᠣᠯᠳᠠᠯᠭ᠎ᠠ ᠲᠠᠢ | ᠰᠢᠨᠵᠢᠯᠡᠭᠡᠨ ᠤ ᠰᠠᠯᠠᠭᠠᠨ ᠤ ᠪᠠᠶᠢᠳᠠᠯ ᠢ ᠣᠶᠢᠯᠠᠭᠠᠵᠤ᠂ ᠲᠡᠶᠢᠨ ᠳᠤ ᠰᠢᠷᠬᠠᠲᠤᠭᠰᠠᠳ ᠢ ᠲᠦᠷᠭᠡᠨ ᠠᠪᠤᠷᠠᠬᠤ ᠪᠠᠭᠠᠵᠢ ᠬᠡᠷᠡᠭᠰᠡᠯ ᠪᠣᠯᠣᠨ ᠰᠤᠷᠤᠯᠭᠠᠲᠠᠳ ᠤᠨ ᠪᠣᠳᠠᠲᠤ | ᠠᠵᠢᠯᠯᠠᠭᠠᠨ ᠤ ᠦᠵᠡᠭᠦᠯᠭᠡ ᠶᠢ ᠪᠠᠶᠢᠴᠠᠭᠠᠨ ᠦᠵᠡᠪᠡ᠃ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠨᠢ ᠢᠷᠠᠭᠤ ᠠᠯᠳᠠᠷᠲᠤ ᠲᠡᠦᠬᠡ ᠶᠢᠨ | ᠤᠯᠠᠮᠵᠢᠯᠠᠯ ᠲᠠᠢ ᠪᠠᠶᠢᠵᠤ᠂ ᠣᠷᠳᠣ ᠬᠤᠭᠤᠴᠠᠭᠠᠨ ᠤ ᠰᠤᠷᠭᠠᠭᠤᠯᠢ ᠡᠷᠭᠢᠯᠡᠭᠦ ᠦᠢᠯᠡᠳᠦᠯᠭᠡ ᠳᠤᠮᠳᠠ ᠥᠨᠳᠦᠷᠯᠢᠭ ᠤᠨ ᠴᠡᠷᠢᠭ ᠤᠨ ᠶᠠᠪᠤᠳᠠᠯ ᠤᠨ ᠠᠨᠠᠭᠠᠬᠤ | ᠤᠬᠠᠭᠠᠨ᠂ ᠲᠡᠶᠢᠨ ᠳᠤ ᠰᠢᠷᠬᠠᠲᠤᠭᠰᠠᠳ ᠤᠨ ᠰᠢᠷᠬ᠎ᠠ ᠶᠢᠨ ᠠᠨᠠᠭᠠᠬᠤ ᠤᠬᠠᠭᠠᠨ᠂ ᠲᠦᠯᠡᠭᠳᠡᠭᠰᠡᠨ ᠰᠢᠷᠬ᠎ᠠ ᠶᠢᠨ ᠠᠨᠠᠭᠠᠬᠤ ᠤᠬᠠᠭᠠᠨ ᠵᠡᠷᠭᠡ ᠢᠯᠡ ᠲᠣᠳᠣ | ᠣᠨᠴᠠᠯᠢᠭ ᠪᠠ ᠳᠠᠪᠠᠭᠤᠯᠢᠭ ᠢ ᠪᠦᠷᠢᠯᠳᠦᠭᠦᠯᠵᠡᠢ᠃ 2017 ᠣᠨ ᠳᠤ ᠲᠣᠬᠢᠷᠠᠭᠤᠯᠤᠯᠲᠠ ᠬᠢᠵᠦ ᠪᠠᠶᠢᠭᠤᠯᠤᠭᠰᠠᠨ ᠠᠴᠠ ᠨᠠᠭᠠᠰᠢ᠂ ᠶᠡᠭᠡ ᠰᠤᠷᠭᠠᠭᠤᠯᠢ ᠨᠢ | ᠴᠡᠷᠢᠭ ᠤᠨ ᠬᠢ ᠪᠠᠶᠢᠬᠤ ᠲᠠᠶᠢᠨ ᠤ ᠲᠥᠯᠥᠭᠡ ᠪᠠᠶᠢᠬᠤ ᠶᠢ ᠪᠠᠷᠢᠮᠲᠠᠯᠠᠵᠤ᠂ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠴᠡᠷᠢᠭ ᠤᠨ ᠶᠠᠪᠤᠳᠠᠯ ᠤᠨ | ᠲᠡᠮᠡᠴᠡᠯ ᠤᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ ᠠᠵᠢᠯ᠂ ᠰᠢᠨ᠎ᠡ ᠲᠢᠲᠢᠮᠯᠢᠭ ᠸᠢᠷᠦ᠋ᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠡᠷᠭᠡ ᠠᠯᠢ ᠣᠯᠠᠨ ᠴᠢᠬᠤᠯᠠ ᠶᠡᠭᠡ ᠡᠭᠦᠷᠭᠡ ᠶᠢ ᠭᠠᠷᠮᠠᠭᠠᠢ ᠪᠡᠶᠡᠯᠡᠭᠦᠯᠪᠡ᠃ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ | ᠪᠠᠶᠢᠭᠤᠯᠤᠯᠲᠠ ᠪᠠ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ ᠨᠤᠲᠠᠯᠠᠪᠠ᠃ | ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ᠂ ᠰᠢ ᠶᠢᠨ ᠫᠢᠩ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠶᠢᠨ ᠳᠠᠷᠤᠭ᠎ᠠ | ᠪᠠᠶᠢᠯᠳᠤᠭᠴᠢᠳ ᠤᠨ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠭᠰᠠᠨ ᠪᠥᠭᠡᠳ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ | ᠦᠯᠡᠳᠡᠭᠡᠪᠡ᠃ | ᠰᠢ ᠶᠢᠨ ᠫᠢᠩ᠂ ᠬᠠᠭᠤᠷᠠᠢ ᠵᠠᠮ ᠤᠨ ᠴᠡᠷᠢᠭ ᠤᠨ ᠡᠮᠴᠢ ᠶᠢᠨ ᠶᠡᠭᠡ ᠰᠤᠷᠭᠠᠭᠤᠯᠢ ᠪᠣᠯ ᠮᠠᠨ ᠤ ᠴᠡᠷᠢᠭ ᠤᠨ ᠠᠨᠠᠭᠠᠬᠤ ᠤᠬᠠᠭᠠᠨ ᠤ ᠲᠦᠷᠦᠯ ᠤᠨ ᠳᠡᠭᠡᠳᠦ | ᠵᠡᠷᠭᠡ ᠶᠢᠨ ᠰᠤᠷᠭᠠᠨ ᠬᠥᠮᠦᠵᠢᠯ ᠤᠨ ᠶᠡᠭᠡ ᠳᠡᠭᠡᠳᠦ ᠰᠤᠷᠭᠠᠭᠤᠯᠢ ᠪᠠᠶᠢᠵᠤ᠂ ᠪᠦᠭᠦ ᠴᠡᠷᠢᠭ ᠤᠨ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ ᠪᠠᠲᠤᠯᠠᠭ᠎ᠠ ᠶᠢᠨ | ᠬᠦᠴᠦᠨ ᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠃ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ᠂ ᠲᠠᠶᠢᠨ ᠳᠤ ᠪᠡᠯᠡᠳᠬᠡᠨ ᠬᠥᠮᠥᠨ | ᠬᠥᠮᠥᠵᠢᠭᠦᠯᠬᠦ ᠶᠢ ᠪᠠᠷᠢᠮᠲᠠᠯᠠᠵᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠮᠣᠷᠠᠯ ᠴᠢᠳᠠᠪᠤᠷᠢ ᠬᠤᠣᠰᠯᠠᠭᠰᠠᠨ | ᠰᠢᠨ᠎ᠡ ᠴᠠᠭ ᠦᠶ᠎ᠡ ᠶᠢᠨ ᠬᠤᠪᠢᠰᠬᠠᠯᠲᠤ ᠴᠡᠷᠢᠭ ᠤᠨ ᠡᠮᠴᠢ ᠶᠢ ᠬᠥᠮᠥᠵᠢᠭᠦᠯᠬᠦ ᠬᠡᠷᠡᠭᠲᠡᠢ᠃ ᠣᠨᠴᠠᠯᠢᠭᠲᠤ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ | ᠰᠤᠳᠤᠯᠭᠠᠨ ᠤ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠵᠤ᠂ ᠤᠯᠠᠮᠵᠢᠯᠠᠯᠲᠤ ᠳᠠᠪᠠᠭᠤᠯᠢᠭ ᠢᠶᠠᠨ ᠪᠠᠬᠢᠵᠢᠭᠦᠯᠦᠨ᠂ ᠬᠥᠭᠵᠢᠯᠲᠡ ᠶᠢᠨ ᠡᠮᠦᠨ᠎ᠡ ᠨᠢ ᠬᠤᠰᠢᠭᠤᠷᠠᠵᠤ᠂ | ᠴᠡᠷᠢᠭ ᠤᠨ ᠶᠠᠪᠤᠳᠠᠯ ᠤᠨ ᠠᠨᠠᠭᠠᠬᠤ ᠤᠬᠠᠭᠠᠨ ᠤ ᠨᠣᠶᠠᠨ ᠤᠷᠭᠢᠯ ᠳᠤ ᠵᠣᠷᠢᠭᠲᠠᠢ ᠪᠠᠷ ᠠᠪᠠᠷᠢᠬᠤ ᠬᠡᠷᠡᠭᠲᠡᠢ᠃ ᠡᠷᠡᠭᠦᠯ ᠬᠠᠮᠠᠭᠠᠯᠠᠯ ᠤᠨ ᠠᠷᠤ ᠲᠠᠯ᠎ᠠ ᠶᠢᠨ | ᠪᠠᠲᠤᠯᠠᠭ᠎ᠠ ᠶᠢᠨ ᠡᠯ᠎ᠡ ᠵᠦᠢᠯ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠷᠢᠭ ᠠᠩᠭᠢ ᠶᠢᠨ ᠳᠠᠶᠢᠴᠢᠨ ᠬᠦᠴᠦᠨ ᠳᠤ ᠬᠦᠴᠦᠲᠡᠢ ᠦᠢᠯᠡᠴᠢᠯᠡᠵᠦ᠂ ᠳᠠᠷᠤᠭ᠎ᠠ | ᠪᠠᠶᠢᠯᠳᠤᠭᠴᠢᠳ ᠤᠨ ᠪᠡᠶ᠎ᠡ ᠰᠡᠳᠬᠢᠴᠡ ᠶᠢᠨ ᠡᠷᠡᠭᠦᠯ ᠮᠡᠨᠳᠦ ᠳᠤ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠡᠭᠦᠳᠦᠭᠰᠡᠨ ᠤᠨᠤᠯ ᠢᠶᠠᠷ | ᠵᠡᠪᠰᠡᠭᠯᠡᠬᠦ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯ | ᠲᠦᠷᠦᠯ ᠤᠨ ᠴᠡᠭᠴᠡᠯᠡᠨ ᠵᠠᠰᠠᠯᠲᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠶᠡᠭᠡ ᠰᠤᠷᠭᠠᠭᠤᠯᠢ ᠶᠢᠨ ᠳᠡᠭᠡᠳᠦ ᠬᠡᠮᠵᠢᠶᠡᠨ ᠤ ᠲᠥᠪᠯᠡᠷᠡᠩᠭᠦᠢ ᠨᠢᠭᠡᠳᠦᠯ ᠪᠠ ᠴᠢᠬᠡᠴᠢ | ᠴᠡᠪᠡᠷ ᠪᠠᠲᠤ ᠪᠠᠬᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ᠂ ᠰᠤᠷᠭᠠᠭᠤᠯᠢ ᠶᠢ ᠴᠢᠩᠭ᠎ᠠ ᠵᠠᠰᠠᠬᠤ ᠶᠢ ᠴᠢᠩᠭ᠎ᠠ ᠠᠳᠬᠤᠵᠤ᠂ | ᠬᠥᠮᠦᠵᠢᠯ ᠬᠠᠮᠢᠶᠠᠷᠤᠯᠲᠠ ᠶᠢ ᠴᠢᠩᠳᠠᠯᠠᠵᠤ᠂ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠬᠤ ᠠᠵᠢᠯ ᠢ ᠰᠠᠶᠢᠲᠤᠷ ᠬᠢᠵᠦ᠂ ᠪᠦᠭᠦ ᠰᠤᠷᠭᠠᠭᠤᠯᠢ ᠶᠢᠨ ᠪᠠᠭᠰᠢ | ᠰᠤᠷᠤᠬᠴᠢ ᠠᠵᠢᠯᠲᠠᠨ ᠤ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠬᠥᠭᠵᠢᠭᠡᠵᠦ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠶᠡᠭᠡ | ᠰᠤᠷᠭᠠᠭᠤᠯᠢ ᠶᠢᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠾᠧ ᠸᠧᠢ ᠳ᠋ᠦᠩ ᠨᠠᠷ ᠠᠵᠢᠯᠯᠠᠭ᠎ᠠ ᠳᠤ ᠣᠷᠣᠯᠴᠠᠵᠠᠢ᠃ |