ᠴᠡᠴᠡᠭ ᠤᠨ ᠮᠢᠷᠠᠯᠵᠠᠭᠠᠨ ᠲᠠᠢ ᠬᠢᠶ᠎ᠠ ᠪᠠᠭᠰᠢ
ᠨᠡᠶᠢᠲᠡᠯᠡᠭᠰᠡᠨ ᠴᠠᠭ᠄
2024/4/28
      ᠤᠷᠴᠢᠮ ᠤᠨ ᠡᠳᠦᠷ᠂ ᠬᠢᠶ᠎ᠠ ᠪᠠᠭᠰᠢ ᠲᠤᠭᠤᠷᠢᠭ ᠲᠤ ᠠᠯᠳᠠᠨ ᠵᠤᠯᠠ ᠴᠡᠴᠡᠭ ᠪᠠᠳᠠᠷᠠᠨ ᠳᠡᠯᠭᠡᠷᠡᠵᠤ᠂ ᠬᠦᠮᠦᠨ ᠵᠤᠨ ᠢᠶᠠᠨ ᠪᠠᠶᠠᠰᠬᠠᠨ ᠬᠤᠪᠢ ᠶᠢᠨ ᠭᠠᠳᠠᠨ᠎ᠠ ᠦᠵᠡᠰᠬᠦᠯᠡᠩ ᠲᠠᠢ ᠬᠠᠷᠠᠭᠳᠠᠨ᠎ᠠ᠃      ᠤᠯᠠᠭᠠᠨ᠂ ᠰᠢᠷ᠎ᠠ᠂ ᠶᠠᠭᠠᠨ᠂ ᠴᠠᠭᠠᠨ ᠤᠯᠠᠨ ᠥᠩᠭᠡ ᠶᠢᠨ ᠴᠡᠴᠡᠭ ᠬᠢᠶ᠎ᠠ ᠪᠠᠭᠰᠢ ᠲᠤᠭᠤᠷᠢᠭ ᠤᠨ ᠠᠭᠤᠳᠠᠮ ᠲᠠᠯᠠᠪᠠᠢ᠂ ᠤᠷᠳᠤᠰ ᠤᠨ ᠤᠶᠤᠨᠴᠢ ᠪᠡᠶ᠎ᠡ  ᠶᠢᠨ ᠲᠠᠮᠢᠷ ᠤᠨ ᠴᠡᠴᠡᠷᠯᠢᠭ᠂ ᠬᠠᠮ ᠦᠵᠡᠰᠭᠦᠯᠡᠩ ᠤᠨ ᠲᠥᠪ ᠤᠨ ᠲᠥᠪ ᠤᠨ ᠬᠦᠷᠢᠶᠡᠨ ᠳᠤ ᠥᠩᠭᠡ ᠢᠯᠭᠠᠷᠠᠨ ᠳᠡᠯᠭᠡᠷᠡᠵᠤ᠂ ᠬᠠᠪᠤᠷ ᠤᠨ ᠭᠤᠶᠤ ᠦᠵᠡᠮᠵᠢ ᠶᠢ ᠭᠠᠶᠢᠬᠠᠭᠤᠯᠤᠨ᠂ ᠬᠠᠷᠠᠭᠰᠠᠨ ᠪᠦᠬᠦᠨ ᠤ ᠤᠷᠮ᠎ᠠ ᠶᠢ ᠰᠡᠷᠭᠦᠭᠡᠨ᠎ᠡ᠃ ᠴᠡᠴᠡᠭ ᠤᠨ ᠳᠤᠮᠳᠠᠭᠤᠷ ᠠᠯᠭᠤᠷᠬᠠᠨ ᠵᠤᠷᠴᠢᠬᠤ ᠬᠦᠮᠦᠰ ᠠᠯᠬᠤᠮ ᠪᠦᠷᠢ ᠳᠡᠭᠡᠨ ᠠᠵᠠ ᠵᠢᠷᠭᠠᠯ ᠢ ᠮᠡᠳᠡᠷᠡᠨ᠎ᠡ᠃      ᠴᠠᠭ ᠢ ᠵᠠᠪᠳᠤᠨ ᠴᠡᠴᠡᠭ ᠰᠤᠨᠢᠷᠬᠠᠬᠤ ᠷᠤᠮᠠᠨᠲ᠋ᠢᠭ ᠠᠶᠠᠯᠠᠯ ᠢᠶᠠᠨ ᠡᠬᠢᠯᠡᠭᠦᠯᠦᠭᠡᠷᠡᠢ᠃
 
 
 
 
 
 
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ