ᠦᠦᠰᠢᠨ ᠬᠤᠰᠢᠭᠤ 1400 ᠬᠤᠴᠠ ᠳᠤ ᠬᠢᠨᠠᠨ ᠲᠤᠭᠲᠠᠭᠠᠯᠲᠠ ᠬᠢᠵᠤ ᠪᠠᠶᠢᠨ᠎ᠠ
ᠨᠡᠶᠢᠲᠡᠯᠡᠭᠰᠡᠨ ᠴᠠᠭ᠄
2024/4/28
    ᠣᠶᠢᠷ᠎ᠠ ᠶᠢᠨ ᠡᠳᠦᠷ ᠠᠴᠠ ᠦᠦᠰᠢᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠠᠵᠢᠯᠲᠠᠳ ᠣᠷᠳᠣᠰ ᠤᠨ ᠨᠠᠷᠢᠨ ᠨᠣᠣᠰᠣᠲᠣ ᠬᠤᠨᠢᠨ ᠤ ᠡᠭᠦᠯᠳᠡᠷ ᠤᠨ ᠮᠠᠯ ᠪᠤᠶᠢᠵᠢᠭᠤᠯᠬᠤ ᠲᠠᠯᠠᠪᠠᠢ ᠳᠤ ᠬᠦᠷᠴᠦ ᠡᠭᠦᠯᠳᠡᠷ ᠤᠨ ᠮᠠᠯ ᠤᠨ ᠬᠢᠨᠠᠨ ᠲᠤᠭᠲᠠᠭᠠᠯᠲᠠ ᠬᠢᠵᠤ ᠡᠬᠢᠯᠡᠯ᠎ᠡ᠃ ᠡᠨᠡ ᠤᠳᠠᠭᠠᠨ ᠤ ᠬᠢᠨᠠᠨ ᠲᠤᠭᠲᠠᠭᠠᠯᠲᠠ ᠪᠠᠷ ᠬᠤᠴᠠᠨ ᠤ ᠪᠡᠶ᠎ᠡ ᠶᠢᠨ ᠬᠦᠨᠳᠦ᠂ ᠠᠬᠠᠷ ᠤᠨ ᠨᠢᠭᠲᠠᠴᠠ ᠂ ᠪᠡᠶ᠎ᠡ ᠶᠢᠨ ᠥᠨᠳᠥᠷ ᠵᠡᠷᠭᠡ ᠶᠢ ᠨᠠᠷᠢᠨ ᠪᠠᠶᠢᠴᠠᠭᠠᠵᠤ᠂ ᠬᠢᠷᠢ ᠲᠡᠩᠴᠡᠭᠰᠡᠨ ᠬᠤᠴᠠᠨ ᠳᠤ ᠢᠮᠨᠡᠬᠦ ᠲᠡᠮᠲᠡᠭ ᠲᠠᠭᠠᠷᠠᠭᠤᠯᠵᠤ ᠳᠠᠩᠰᠠ ᠪᠠᠶᠢᠭᠤᠯᠵᠤ ᠪᠠᠶᠢᠨ᠎ᠠ᠃    ᠣᠶᠢᠯᠭᠠᠭᠰᠠᠨ ᠢᠶᠠᠷ᠂ ᠦᠦᠰᠢᠨ ᠬᠤᠰᠢᠭᠤᠨ ᠳᠤ ᠡᠶᠢᠮᠦᠷᠬᠦᠦ ᠶᠡᠭᠡ ᠬᠡᠪᠴᠢᠶᠡᠨ ᠤ ᠪᠠᠷᠢᠮᠵᠢᠶᠠᠵᠢᠭᠰᠠᠨ ᠡᠭᠦᠯᠳᠡᠷ ᠤᠨ ᠮᠠᠯ ᠪᠤᠶᠢᠵᠢᠭᠤᠯᠬᠤ ᠲᠠᠯᠠᠪᠠᠢ ᠨᠡᠶᠢᠲᠡ ᠭᠤᠷᠪᠠ᠂ ᠡᠭᠦᠯᠳᠡᠷ ᠤᠨ ᠮᠠᠯ ᠪᠤᠶᠢᠵᠢᠭᠤᠯᠵᠤ ᠪᠠᠶᠢᠭ᠎ᠠ ᠮᠠᠯᠴᠢᠨ ᠡᠷᠦᠬᠡ ᠬᠤᠷᠢ ᠭᠠᠷᠤᠢ ᠪᠠᠶᠢᠨ᠎ᠠ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ