ᠨᠤᠮᠢᠨ ᠲᠠᠩᠰᠤᠭ ᠦᠦᠰᠢᠨ ᠢᠶᠠᠨ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠰᠢ ᠠᠨ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/29
      ᠤᠶᠢᠷ᠎ᠠ ᠶᠢᠨ ᠡᠳᠦᠷ᠂ ᠨᠤᠮᠢᠨ ᠲᠠᠩᠰᠤᠭ ᠦᠦᠰᠢᠨ ᠢᠶᠠᠨ ᠤᠬᠠᠭᠤᠯᠤᠨ ᠰᠢᠷᠢᠰ ᠠᠵᠢᠯᠯᠠᠭ᠎ᠠ ᠰᠢ ᠠᠨ  ᠬᠤᠲᠠ ᠶᠢᠨ ᠴᠢᠦᠢ ᠵᠢᠶᠠᠩ ᠰᠢᠨ᠎ᠡ ᠲᠤᠭᠤᠷᠢᠭ  ᠲᠤ ᠶᠠᠪᠤᠭᠳᠠᠵᠤ᠂ ᠰᠢ ᠠᠨ ᠬᠤᠲᠠ ᠶᠢᠨ ᠨᠡᠶᠢᠬᠡᠮ ᠤᠨ ᠡᠯ᠎ᠡ ᠡᠲᠡᠭᠡᠳ ᠤᠨ ᠬᠢᠨ ᠳᠤ ᠦᠦᠰᠢᠨ ᠬᠤᠰᠢᠭᠤᠨ ᠤ ᠠᠵᠤ ᠠᠬᠤᠢ ᠨᠡᠶᠢᠬᠡᠮ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠰᠤᠶᠤᠯ ᠢᠷᠭᠡᠨᠰᠢᠯ ᠤᠨ ᠠᠭᠤᠯᠤᠭᠳᠠᠬᠤᠨ᠂ ᠤᠷᠤᠨ ᠪᠠᠶᠢᠷᠢ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢᠨ ᠠᠵᠠ ᠲᠤᠬᠢᠶᠠᠯ ︽ᠲᠠᠪᠤᠨ ᠨᠡᠷ᠎ᠡ ᠶᠢᠨ ᠬᠠᠭᠤᠳᠠᠰᠤ︾ ᠶᠢ ᠪᠦᠬᠦ ᠲᠠᠯ᠎ᠠ ᠪᠠᠷ ᠳᠡᠯᠭᠡᠨ ᠦᠵᠡᠭᠦᠯᠵᠤ᠂ ᠦᠦᠰᠢᠨ ᠬᠤᠰᠢᠭᠤᠨ ᠳᠤ ᠨᠡᠩ ᠤᠯᠠᠨ ᠲᠥᠷᠥᠯ ᠵᠦᠢᠯ ᠢ ᠪᠠᠶᠢᠷᠢᠰᠢᠭᠤᠯᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ ᠂ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠬᠠᠮᠲᠤ ᠪᠠᠷ ᠨᠡᠭᠡᠭᠡᠨ ᠬᠥᠭᠵᠢᠭᠦᠯᠵᠤ᠂ ᠡᠯ᠎ᠡ ᠲᠥᠷᠥᠯ ᠤᠨ ᠴᠢᠳᠠᠪᠤᠷᠢᠲᠠᠨ ᠡᠯᠰᠡᠬᠦ᠂ ᠰᠢᠨᠵᠢᠯᠡᠬᠦ ᠤᠬᠠᠭᠠᠨ ᠤ ᠰᠢᠨ᠎ᠡ ᠶᠢ ᠡᠭᠦᠳᠬᠦ ᠠᠵᠤ ᠠᠬᠤᠶᠢᠯᠠᠯ ᠢ ᠤᠷᠢᠵᠤ᠂ ᠭᠠᠵᠠᠷ ᠤᠷᠤᠨ ᠤ ᠰᠠᠶᠢᠲᠠᠢ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠦᠰᠡᠯ ᠡᠷᠡᠮᠡᠯᠵᠡᠯ ᠢᠶᠠᠨ ᠢᠯᠡᠳᠬᠡᠭᠰᠡᠨ ᠪᠠᠶᠢᠨ᠎ᠠ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ