ᠤᠷᠠᠨ ᠬᠠᠶᠢᠴᠢᠯᠠᠮᠠᠯ ᠤᠴᠢᠷᠲᠠᠢ ᠬᠢᠴᠢᠶᠡᠯᠡᠯᠭᠡ
ᠨᠡᠶᠢᠲᠡᠯᠡᠭᠰᠡᠨ ᠴᠠᠭ᠄
2024/4/30
      ᠤᠶᠢᠷ᠎ᠠ ᠳᠤ᠂ ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤ ᠶᠢᠨ ᠳ᠋ᠦᠩ ᠬᠠᠢ ᠰᠢᠨ ᠼᠦᠨ ᠲᠤᠰᠬᠤᠨ ᠤ ︽ᠵᠤᠤ ᠳ᠋ᠠ ᠵᠢᠶᠠᠨ︾ ᠴᠠᠭᠠᠰᠤᠨ ᠬᠠᠶᠢᠴᠢᠯᠠᠮᠠᠯ ᠤᠨ ᠰᠤᠶᠤᠯ ᠤᠨ ᠬᠦᠷᠢᠶᠡᠯᠡᠩ ᠨᠢ ᠬᠡᠦᠬᠡᠳ ᠪᠠᠭᠰᠢ ᠪᠤᠯᠤᠨ ᠬᠡᠷ ᠤᠨ ᠠᠬᠠᠮᠠᠳ ᠢᠶᠠᠷ ᠪᠦᠷᠢᠯᠳᠦᠭᠰᠡᠨ 190 ᠭᠠᠷᠦᠢ ᠬᠦᠮᠦᠨ ᠤ ᠵᠤᠭᠠᠴᠠᠭᠰᠠᠳ ᠤᠨ ᠪᠦᠯᠬᠦᠮ ᠢᠶᠠᠨ ᠤᠭᠲᠤᠨ ᠠᠪᠤᠯ᠎ᠠ᠃ ᠬᠡᠦᠬᠡᠳ ᠤᠳ ᠪᠠᠭᠰᠢ ᠪᠤᠯᠤᠨ ᠬᠡᠷ ᠤᠨ ᠠᠬᠠᠮᠠᠳ ᠤᠨ ᠳᠠᠭᠠᠭᠤᠯᠭ᠎ᠠ ᠳᠤᠤᠷ᠎ᠠ ᠵᠤᠤ ᠮᠧᠢ ᠯᠢᠩ ᠤᠨ ᠴᠠᠭᠠᠰᠤᠨ ᠬᠠᠶᠢᠴᠢᠯᠠᠮᠠᠯ ᠬᠢᠬᠦ᠂ ᠭᠤᠯᠢᠷ ᠨᠤᠬᠤᠵᠤ ᠪᠠᠷᠢᠮᠠᠯ ᠪᠠᠷᠢᠬᠤ ᠭᠠᠷ ᠤᠷᠠᠯᠠᠯ ᠢ ᠰᠤᠷᠤᠯᠴᠠᠬᠤ ᠶᠢᠨ ᠬᠠᠮᠲᠤ ᠬᠠᠭᠤᠴᠢᠨ ᠤ ᠡᠳ᠋ ᠬᠡᠷᠡᠭᠰᠡᠯ ᠢ ᠰᠤᠨᠢᠷᠬᠠᠵᠤ᠂ ᠬᠥᠳᠡᠭᠡ ᠲᠤᠰᠬᠤᠨ ᠤ ᠠᠮᠢᠳᠤᠷᠠᠯ ᠢ ᠪᠡᠶᠡᠴᠢᠯᠡᠨ ᠣᠶᠢᠯᠭᠠᠵᠤ ᠪᠠᠶᠢᠯ᠎ᠠ᠃     ᠵᠤᠤ ᠮᠧᠢ ᠯᠢᠩ ᠪᠤᠯ ᠥᠪᠡᠷᠲᠡᠭᠡᠨ ᠵᠠᠰᠠᠬᠤ ᠤᠷᠤᠨ ᠤ ᠲᠡᠰ ᠤᠨ ᠴᠠᠭᠠᠰᠤᠨ ᠬᠠᠶᠢᠴᠢᠯᠠᠮᠠᠯ ᠤᠨ ᠭᠠᠷ ᠤᠷᠠᠯᠠᠯ ᠤᠨ ᠪᠤᠳᠠᠰ ᠤᠨ ᠪᠤᠰᠤ ᠰᠤᠶᠤᠯ ᠤᠨ ᠥᠪ ᠎ ᠤᠨ ᠥᠪᠯᠡᠨ ᠤᠯᠠᠮᠵᠢᠯᠠᠭᠴᠢ ᠪᠤᠯᠤᠨ᠎ᠠ᠃ ᠲᠡᠷ᠎ᠡ ᠴᠠᠭᠠᠰᠤᠨ ᠬᠠᠶᠢᠴᠢᠯᠠᠮᠠᠯ ᠢᠶᠠᠷ ᠠᠴᠢᠶᠠᠯᠠᠪᠦᠷᠢ ᠪᠤᠯᠭᠠᠵᠤ ᠰᠤᠷᠤᠯᠴᠠᠯᠭ᠎ᠠ᠂  ᠰᠤᠳᠤᠯᠭ᠎ᠠ᠂ ᠦᠢᠯᠡᠳᠦᠯᠭᠡ᠂ ᠵᠤᠭᠠᠴᠠᠨ ᠲᠤᠭᠤᠷᠢᠬᠤ ᠶᠢ ᠨᠢᠭᠡ ᠴᠤᠭᠴᠠᠵᠢᠭᠤᠯᠤᠭᠰᠠᠨ ᠴᠠᠭᠠᠰᠤᠨ ᠬᠠᠶᠢᠴᠢᠯᠠᠮᠠᠯ ᠤᠨ ᠰᠤᠶᠤᠯ ᠤᠨ ᠬᠦᠷᠢᠶᠡᠯᠡᠩ ᠢ ᠪᠠᠶᠢᠭᠤᠯᠵᠤ᠂ ᠴᠠᠭᠠᠰᠤᠨ ᠬᠠᠶᠢᠴᠢᠯᠠᠮᠠᠯ ᠤᠨ ᠭᠠᠷ ᠤᠷᠠᠯᠠᠯ ᠢ ᠤᠯᠠᠨ ᠳᠤ ᠲᠠᠨᠢᠭᠤᠯᠵᠤ ᠪᠠᠶᠢᠨ᠎ᠠ᠃
  
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ