ᠤᠷᠳᠤᠰ ᠬᠤᠲᠠ ᠶᠢᠨ 2023 ᠤᠨ ᠤ ᠠᠷᠪᠠᠰ ᠤᠨ ᠢᠮᠠᠭᠠᠨ ᠨᠤᠤᠯᠤᠭᠤᠷ ᠢ ᠴᠢᠨᠠᠷ ᠲᠡᠰ ᠢᠶᠠᠷ ᠱᠠᠩᠨᠠᠨ ᠬᠦᠬᠢᠭᠦᠯᠬᠦ ᠶᠡᠭᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/30
      ᠳᠡᠯᠡᠬᠡᠢ ᠶᠢᠨ ᠲᠡᠰ ᠤᠨ ᠨᠣᠣᠯᠣᠭᠤᠷ ᠤᠨ ᠠᠵᠤ ᠦᠢᠯᠡᠰ ᠢ ᠲᠦᠷᠭᠡᠳᠬᠡᠨ ᠪᠠᠶᠢᠭᠤᠯᠵᠤ᠂ ᠨᠣᠣᠯᠣᠭᠤᠷ ᠤᠨ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠎ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠤᠰᠠᠳᠠ ᠤᠶᠢᠷ᠎ᠠ ᠶᠢᠨ ᠡᠳᠦᠷ᠂ ᠤᠷᠳᠤᠰ ᠬᠤᠲᠠ ᠶᠢᠨ 2023 ᠤᠨ ᠤ ᠠᠷᠪᠠᠰ ᠤᠨ ᠢᠮᠠᠭᠠᠨ ᠨᠣᠣᠯᠣᠭᠤᠷ ᠢ ᠴᠢᠨᠠᠷ ᠲᠡᠰ ᠢᠶᠠᠷ ᠨᠢ ᠱᠠᠩᠨᠠᠵᠤ ᠨᠥᠬᠦᠪᠦᠷᠢᠯᠡᠬᠦ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠵᠢᠴᠢ 2024 ᠣᠨ ᠤ ᠢᠮᠠᠭᠠᠨ ᠨᠣᠣᠯᠣᠭᠤᠷ ᠢ ᠴᠢᠨᠠᠷ ᠲᠡᠰ ᠢᠶᠠᠷ ᠨᠢ ᠬᠤᠷᠢᠶᠠᠵᠤ ᠬᠠᠳᠠᠭᠠᠯᠠᠬᠤ ᠡᠬᠢᠯᠡᠯᠲᠡ ᠶᠢᠨ ᠶᠤᠰᠤᠯᠠᠯ ᠤᠲᠤᠭ ᠬᠤᠰᠢᠭᠤᠨ ᠳᠤ ᠶᠠᠪᠤᠭᠳᠠᠪᠠ᠃
微信图片_20240430153023.jpg
      ᠬᠤᠷᠠᠯ ᠳᠡᠭᠡᠷ᠎ᠡ᠂ 2023 ᠣᠨ ᠤ ᠢᠮᠠᠭᠠᠨ ᠨᠣᠣᠯᠣᠭᠤᠷ ᠨᠢ ᠴᠢᠨᠠᠷ ᠲᠡᠰ ᠢᠶᠠᠷ ᠥᠨᠳᠥᠷ ᠳᠠᠭᠤᠷᠢᠶᠠᠯ ᠦᠵᠡᠭᠦᠯᠬᠦ ᠡᠷᠦᠬᠡ ᠳᠤ 8 ᠲᠦᠮᠡᠨ ᠲᠦᠭᠦᠷᠢᠭ ᠎ ᠠᠴᠠ ᠳᠡᠭᠡᠭᠰᠢ᠂ 3 ᠲᠦᠮᠡᠨ ᠲᠦᠭᠦᠷᠢᠭ ᠠᠴᠠ ᠳᠡᠭᠡᠭᠰᠢᠬᠢ ᠱᠠᠩᠨᠠᠯ ᠤᠨ ᠮᠥᠩᠬᠦ ᠬᠦᠷᠲᠡᠭᠡᠭᠰᠡᠨ ᠪᠠᠶᠢᠨ᠎ᠠ᠃ ᠳᠠᠭᠤᠷᠢᠶᠠᠯ ᠦᠵᠡᠭᠦᠯᠬᠦ ᠡᠷᠦᠬᠡ ᠬᠠᠮᠤᠭ ᠤᠨ ᠥᠨᠳᠥᠷ ᠲᠡᠭᠡᠨ 20 ᠲᠦᠮᠡᠨ ᠲᠦᠭᠦᠷᠢᠭ ᠤᠨ ᠱᠠᠩᠨᠠᠯ ᠨᠥᠬᠦᠪᠦᠷᠢ ᠬᠦᠷᠲᠡᠵᠤ᠂  ᠨᠡᠶᠢᠲᠡ 489 ᠲᠦᠮᠡᠨ ᠲᠦᠭᠦᠷᠢᠭ ᠤᠨ ᠨᠥᠬᠦᠪᠦᠷᠢ ᠤᠯᠭᠤᠪᠠ᠂ ᠡᠭᠦᠨ ᠳᠤ 8 ᠲᠦᠮᠡᠨ ᠲᠦᠭᠦᠷᠢᠭ ᠠᠴᠠ ᠳᠡᠭᠡᠭᠰᠢᠬᠢ ᠨᠥᠬᠦᠪᠦᠷᠢ ᠤᠯᠤᠭᠰᠠᠨ ᠳᠠᠭᠤᠷᠢᠶᠠᠯ ᠦᠵᠡᠭᠦᠯᠬᠦ ᠡᠷᠦᠬᠡ ᠨᠢ ᠴᠦᠮ ᠤᠲᠤᠭ ᠬᠤᠰᠢᠭᠤᠨ ᠤ ᠮᠠᠯᠴᠢᠨ ᠪᠤᠯᠤᠨ᠎ᠠ᠃ ᠬᠤᠷᠠᠯ ᠳᠡᠭᠡᠷ᠎ᠡ ᠪᠠᠰᠠ ᠬᠡᠰᠡᠭ ᠬᠤᠷᠰᠢᠶᠠᠵᠢᠯ ᠳᠤ ᠢᠮᠠᠭᠠᠨ ᠨᠣᠣᠯᠣᠭᠤᠷ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠤᠨ ᠰᠢᠯᠢᠳᠡᠭ ᠵᠤᠬᠢᠶᠠᠨ ᠪᠠᠶᠢᠭᠤᠯᠤᠯᠲᠠ ᠶᠢᠨ ᠱᠠᠩᠨᠠᠯ ᠭᠠᠷᠳᠠᠭᠤᠯᠵᠠᠢ᠃
微信图片_20240430153034.jpg
      ᠣᠶᠢᠯᠭᠠᠭᠰᠠᠨ ᠢᠶᠠᠷ᠂ ᠲᠤᠰ ᠤᠳᠠᠭ᠎ᠠ ᠶᠢᠨ ᠰᠠᠶᠢᠨ ᠨᠣᠣᠯᠣᠭᠤᠷ ᠢ ᠰᠠᠶᠢᠨ ᠦᠨ᠎ᠡ ᠳᠤ ᠬᠦᠷᠭᠡᠬᠦ ᠱᠠᠩᠨᠠᠯ ᠨᠥᠬᠦᠪᠦᠷᠢ ᠶᠢ ᠥᠪᠡᠷᠲᠡᠭᠡᠨ ᠵᠠᠰᠠᠬᠤ ᠤᠷᠤᠨ ᠤ ᠰᠢᠷᠬᠡᠭᠯᠢᠭ ᠤᠨ ᠶᠠᠰᠤ ᠴᠢᠨᠠᠷ ᠢ ᠬᠢᠨᠠᠨ ᠬᠡᠮᠵᠢᠬᠦ ᠲᠥᠪ ᠤᠨ 2023 ᠤᠨ ᠳᠤ ᠬᠤᠷᠢᠶᠠᠨ ᠬᠠᠳᠠᠭᠠᠯᠠᠭᠰᠠᠨ ᠴᠢᠨᠠᠷ ᠰᠠᠶᠢᠲᠠᠢ ᠨᠣᠣᠯᠣᠭᠤᠷ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ᠂ ᠤᠲᠤᠭ ᠬᠤᠰᠢᠭᠤ᠂ ᠤᠲᠤᠭ ᠤᠨ ᠡᠮᠦᠨᠡᠲᠦ ᠬᠤᠰᠢᠭᠤᠨ ᠤ 761 ᠲᠡᠵᠢᠭᠡᠨ ᠦᠷᠡᠵᠢᠭᠦᠯᠬᠦ ᠡᠷᠦᠬᠡ ᠳᠤ ᠰᠠᠶᠢᠨ ᠨᠣᠣᠯᠣᠭᠤᠷ ᠤᠨ ᠱᠠᠩᠨᠠᠯ ᠨᠥᠬᠦᠪᠦᠷᠢ ᠶᠢᠨ ᠪᠡᠯᠡ ᠮᠥᠩᠭᠦ 489 ᠲᠦᠮᠡᠨ ᠲᠦᠭᠦᠷᠢᠭ ︵ᠡᠭᠦᠨ ᠳᠤ ᠬᠤᠲᠠ ᠶᠢᠨ ᠱᠠᠲᠤᠨ ᠤ ᠱᠠᠩᠨᠠᠯ ᠨᠥᠬᠦᠪᠦᠷᠢ ᠶᠢᠨ ᠪᠡᠯᠡ ᠮᠥᠩᠭᠦ 172 ᠲᠦᠮᠡᠨ ᠲᠦᠭᠦᠷᠢᠭ︶ ᠲᠠᠷᠬᠠᠭᠠᠵᠤ᠂ ᠡᠭᠦᠪᠡᠷ ᠳᠠᠮᠵᠢᠨ ᠨᠡᠩ ᠤᠯᠠᠨ ᠬᠤᠷᠰᠢᠶᠠᠵᠢᠯ᠂ ᠮᠠᠯᠴᠢᠨ ᠲᠠᠷᠢᠶᠠᠴᠢᠳ ᠤᠨ ᠰᠠᠶᠢᠨ ᠨᠣᠣᠯᠣᠭᠤᠷ ᠢ ᠰᠠᠶᠢᠨ ᠦᠨ᠎ᠡ ᠳᠤ ᠬᠦᠷᠭᠡᠬᠦ ᠦᠢᠯᠡᠰ ᠲᠤ ᠬᠤᠪᠢ ᠨᠡᠮᠡᠷᠢ ᠪᠠᠨ ᠦᠵᠡᠭᠦᠯᠵᠤ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠦᠨ ᠴᠢᠨᠡᠭᠡᠯᠢᠭᠵᠢᠭᠦᠯᠬᠦ ᠶᠢ ᠠᠬᠢᠭᠤᠯᠬᠤ ᠤᠨ ᠲᠥᠯᠥᠭᠡ ᠶᠤᠮ᠃      ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠳᠠᠷᠠᠭ᠎ᠠ᠂ ᠬᠤᠷᠠᠯ ᠳᠤ ᠤᠷᠤᠯᠴᠠᠭᠰᠠᠨ ᠤᠳᠤᠷᠢᠳᠤᠯᠭ᠎ᠠ ᠪᠠᠰᠠ ᠠᠦ᠋ᠲ᠋ᠤᠴᠢᠯᠠᠭᠰᠠᠨ ᠨᠣᠣᠯᠣᠭᠤᠷ ᠰᠠᠮᠨᠠᠬᠤ ᠣᠶᠣᠨᠴᠢ ᠳᠦᠬᠦᠭᠡᠷᠦᠮᠵᠢ ᠶᠢ ᠲᠤᠭᠤᠷᠢᠨ ᠦᠵᠡᠪᠡ᠃ ᠲᠤᠰ ᠳᠦᠬᠦᠭᠡᠷᠦᠮᠵᠢ ᠶᠢ ᠤᠷᠳᠤᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠪᠤᠯᠤᠨ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠵᠤ ᠦᠢᠯᠡᠳᠪᠦᠷᠢ ᠶᠢᠨ ᠳᠡᠭᠡᠳᠦ ᠰᠤᠷᠭᠠᠭᠤᠯᠢ ᠬᠠᠮᠲᠤᠷᠠᠨ ᠰᠤᠳᠤᠯᠤᠨ ᠨᠡᠭᠡᠭᠡᠪᠡ᠃ ᠵᠢᠱᠢᠯᠲᠡ ᠎ ᠪᠠᠷ ᠡᠨᠡ ᠵᠢᠯ ᠤᠨ 12 ᠰᠠᠷ᠎ᠠ ᠳᠤ ᠠᠩᠬᠠᠨ ᠤ ᠢᠵᠢ ᠦᠯᠢᠭᠡᠷ ᠮᠠᠰᠢᠨ ᠢ ᠲᠤᠰᠢᠶᠠᠬᠤ ᠪᠤᠯᠤᠨ᠎ᠠ᠃
微信图片_20240430153041.jpg
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ