ᠬᠠᠩᠭᠢᠨ ︽ᠭᠦᠷᠦ ᠳᠠᠭᠤᠤ︾᠎ ᠶᠢᠨ ᠪᠦᠯᠬᠦᠮ ᠪᠠᠰᠠ ᠨᠢᠭᠡ ᠲᠡᠷᠢᠭᠦᠨ ᠱᠠᠩ ᠲᠤᠰᠤᠯ᠎ᠠ
ᠨᠡᠶᠢᠲᠡᠯᠡᠭᠰᠡᠨ ᠴᠠᠭ᠄
2024/4/30
     ᠣᠶᠢᠷ᠎ᠠ ᠳᠤ᠂ ᠬᠠᠩᠬᠢᠨ ᠬᠤᠰᠢᠭᠤᠨ ᠤ ︽ᠭᠦᠷᠦ ᠳᠠᠭᠤᠤ︾᠎ ᠶᠢᠨ ᠪᠦᠯᠬᠦᠮ ᠤᠨ 21 ᠬᠡᠰᠢᠭᠦᠨ ᠶᠦᠨᠨᠠᠨ ᠮᠤᠵᠢ ᠳᠤ ᠶᠠᠪᠤᠭᠳᠠᠭᠰᠠᠨ 2024 ᠤᠨ ᠤ︽ᠰᠢᠨ᠎ᠡ ᠴᠠᠭ ᠦᠶ᠎ᠡ ᠶᠢᠨ ᠶᠦᠨᠨᠠᠨ ᠮᠤᠵᠢ ᠶᠢ ᠮᠠᠭᠲᠠᠨ ᠳᠠᠭᠤᠯᠠᠶ᠎ᠠ︾ ᠭᠡᠬᠦ ᠭᠤᠤᠯ ᠰᠡᠳᠦᠪᠲᠦ ᠪᠦᠬᠦ ᠤᠯᠤᠰ ᠤᠨ ᠴᠢᠨᠠᠷᠲᠠᠢ ᠨᠠᠶᠢᠷᠠᠯ ᠳᠠᠭᠤᠨ ᠤ ᠤᠷᠤᠯᠳᠤᠭᠠᠨ ᠎ ᠳᠤ ᠤᠷᠤᠯᠴᠠᠭᠠᠳ ᠲᠡᠷᠢᠭᠦᠨ ᠱᠠᠩ ᠲᠤᠰᠴᠦ ᠭᠠᠨᠵᠤᠭ᠎ᠠ ᠳᠦᠭᠦᠷᠡᠩ ᠪᠤᠴᠠᠵᠤ ᠢᠷᠡᠯ᠎ᠡ᠃     ᠲᠤᠰ ᠤᠷᠤᠯᠳᠤᠭᠠᠨ ᠳᠤ ᠲᠡᠳᠡ ︽ᠲᠡᠭᠷᠢ ᠶᠢᠨ ᠭᠡᠭᠦᠦ ᠶᠢᠨ ᠤᠨᠠᠭ᠎ᠠ︾᠂ ︽ᠮᠠᠯᠴᠢᠨ ᠲᠦᠮᠡᠨ ᠠᠭᠤᠤ ᠨᠠᠮ ᠤᠨ ᠮᠠᠭᠲᠠᠨ ᠳᠠᠭᠤᠯᠠᠶ᠎ᠠ︾ ᠭᠡᠬᠦ ᠬᠤᠶᠠᠷ ᠨᠠᠶᠢᠷᠠᠯ ᠳᠠᠭᠤᠤ ᠶᠢ ᠳᠠᠭᠤᠯᠠᠵᠤ᠂ ᠰᠤᠨᠤᠰᠤᠭᠴᠢᠳ ᠤᠨ ᠬᠠᠷᠠᠭ᠎ᠠ ᠰᠤᠨᠤᠷ ᠢ ᠪᠠᠶᠠᠰᠬᠠᠨ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠪᠤᠯᠬᠤ ︽ᠭᠦᠷᠦ ᠳᠠᠭᠤᠤ︾᠎ ᠶᠢ ᠣᠯᠠᠨ ᠬᠠᠷᠠᠭᠠᠨ ᠳᠤ ᠳᠠᠬᠢᠨᠲᠠ ᠲᠠᠨᠢᠭᠤᠯᠤᠭᠰᠠᠨ ᠪᠠᠶᠢᠨ᠎ᠠ᠃ ᠣᠶᠢᠯᠭᠠᠭᠰᠠᠨ ᠢᠶᠠᠷ᠂ ᠬᠠᠩᠬᠢᠨ ᠬᠤᠰᠢᠭᠤᠨ ᠤ ︽ᠭᠦᠷᠦ ᠳᠠᠭᠤᠤ︾᠎ ᠶᠢᠨ ᠪᠦᠯᠬᠦᠮ ᠨᠢ ᠰᠢᠶᠠᠩᠭᠠᠩ ᠣᠣᠮᠧᠨ᠂ ᠪᠡᠭᠡᠵᠢᠩ ᠵᠡᠷᠭᠡ ᠤᠯᠠᠨ ᠭᠠᠵᠠᠷ ᠢᠶᠠᠷ ᠲᠤᠭᠤᠷᠢᠨ ᠲᠤᠭᠯᠠᠯᠲᠠ ᠭᠠᠷᠭᠠᠵᠤ᠂ ᠱᠠᠩᠨᠠᠯ ᠬᠦᠬᠢᠭᠦᠯᠦᠯ ᠢ ᠤᠯᠠᠨᠲᠠ ᠬᠦᠷᠲᠡᠭᠰᠡᠨ ᠪᠠᠶᠢᠨ᠎ᠠ᠃
 
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ