ᠬᠥᠬᠡ ᠯᠤᠤ ︵2024 ᠤᠨ︶ ᠵᠢᠯ ᠤᠨ ᠴᠢᠩᠬᠢᠰ ᠬᠠᠭᠠᠨ ᠤ ᠬᠠᠪᠤᠷ ᠤᠨ ᠤᠯᠠᠷᠢᠯ ᠤᠨ ᠴᠠᠭᠠᠨ ᠰᠦᠷᠦᠭ ᠤᠨ ᠶᠡᠭᠡ ᠳᠠᠶᠢᠯᠭ᠎ᠠ ᠶᠢᠨ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠬᠤ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2024/4/30
      ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠮᠠᠯᠵᠢᠯᠠᠯᠲᠤ ᠰᠤᠶᠤᠯ ᠢ ᠰᠠᠶᠢᠲᠤᠷ ᠤᠯᠠᠮᠵᠢᠯᠠᠨ ᠬᠥᠭᠵᠢᠭᠦᠯᠵᠤ᠂ ᠤᠯᠤᠰ ᠤᠨ ᠲᠡᠰ ᠤᠨ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠨ ᠬᠠᠮᠠᠭᠠᠯᠠᠬᠤ ᠤᠨ ᠲᠥᠯᠥᠭᠡ᠂ 4 ᠰᠠᠷ᠎ᠠ ᠶᠢᠨ 29 ᠤ ᠡᠳᠦᠷ᠂ ᠬᠥᠬᠡ ᠯᠤᠤ ︵2024 ᠤᠨ︶ ᠵᠢᠯ ᠤᠨ ᠴᠢᠩᠬᠢᠰ ᠬᠠᠭᠠᠨ ᠤ ᠬᠠᠪᠤᠷ ᠤᠨ ᠤᠯᠠᠷᠢᠯ ᠤᠨ ᠴᠠᠭᠠᠨ ᠰᠦᠷᠦᠭ ᠤᠨ ᠶᠡᠭᠡ ᠳᠠᠶᠢᠯᠭ᠎ᠠ ᠴᠢᠩᠬᠢᠰ ᠬᠠᠭᠠᠨ ᠤ ᠣᠩᠭᠤᠨ ᠤ ᠵᠢᠭᠤᠯᠴᠢᠯᠠᠯ ᠤᠨ ᠤᠷᠤᠨ ᠳᠤ ᠶᠠᠪᠤᠭᠳᠠᠪᠠ᠃ ᠡᠯ᠎ᠡ ᠭᠠᠵᠠᠷ  ᠠᠴᠠ ᠬᠦᠷᠦᠯᠴᠡᠨ ᠢᠷᠡᠭᠰᠡᠨ ᠮᠦᠷᠭᠦᠯᠴᠢᠳ ᠳᠠᠶᠢᠯᠭ᠎ᠠ ᠳᠤ ᠤᠷᠤᠯᠴᠠᠵᠤ᠂  ᠥᠯᠵᠡᠶᠢᠲᠦ ᠵᠢᠯ ᠬᠤᠷ᠎ᠠ ᠪᠤᠷᠤᠭᠠᠨ ᠳᠡᠭᠰᠢ᠂ ᠠᠯᠢᠪᠠ ᠪᠦᠬᠦᠨ ᠰᠠᠶᠢᠨ ᠰᠠᠶᠢᠬᠠᠨ ᠪᠠᠶᠢᠬᠤ ᠶᠢ ᠬᠦᠰᠡᠨ ᠳᠠᠭᠠᠳᠬᠠᠯ᠎ᠠ᠃      ᠠᠵᠢᠯᠯᠠᠭ᠎ᠠ ᠶᠢᠨ ᠬᠤᠭᠤᠴᠠᠭᠠᠨ ᠳᠤ᠂ ᠴᠢᠩᠬᠢᠰ ᠬᠠᠭᠠᠨ ᠤ ᠣᠩᠭᠤᠨ ᠤ ᠵᠢᠭᠤᠯᠴᠢᠯᠠᠯ ᠤᠨ ᠤᠷᠤᠨ ᠳᠤ ᠪᠠᠰᠠ ᠰᠤᠶᠤᠯ ᠵᠢᠭᠤᠯᠴᠢᠯᠠᠯ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢᠨ ᠤᠬᠠᠭᠤᠯᠭ᠎ᠠ ᠶᠢᠨ ᠠᠵᠢᠯᠯᠠᠭ᠎ᠠ᠂ ᠪᠤᠳᠠᠰ ᠤᠨ ᠪᠤᠰᠤ ᠰᠤᠶᠤᠯ ᠤᠨ ᠥᠪ ᠤᠨ ᠦᠵᠡᠭᠦᠯᠭᠡ᠂ ᠠᠮᠲᠠᠳᠤ ᠢᠳᠡᠭᠡᠨ ᠤ ᠨᠠᠶᠢᠷ᠂ ᠬᠦᠴᠦᠲᠦ 512 ᠪᠦᠬᠡ ᠶᠢᠨ ᠲᠡᠮᠡᠴᠡᠭᠡᠨ᠂ ᠤᠷᠠᠨ ᠵᠢᠷᠤᠭ ᠤᠨ ᠦᠵᠡᠭᠦᠯᠭᠡ ᠵᠡᠷᠭᠡ ᠰᠤᠶᠤᠯ ᠵᠢᠭᠤᠯᠴᠢᠯᠠᠯ ᠤᠨ ᠠᠵᠢᠯᠯᠠᠭ᠎ᠠ ᠶᠢ ᠡᠷᠬᠢᠯᠡᠨ ᠶᠠᠪᠤᠭᠳᠠᠭᠤᠯᠵᠤ᠂ ᠨᠡᠶᠢᠲᠡ 8 ᠲᠦᠮᠡᠨ ᠵᠤᠭᠠᠴᠠᠭᠰᠠᠳ ᠢ ᠤᠭᠲᠤᠨ ᠵᠤᠴᠢᠯᠠᠵᠤ᠂ ᠡᠯ᠎ᠡ ᠦᠨᠳᠦᠰᠦᠲᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠶᠢ ᠠᠬᠢᠭᠤᠯᠤᠨ᠂ ᠵᠢᠭᠤᠯᠴᠢᠯᠠᠯ ᠤᠨ ᠤᠷᠤᠨ ᠤ ᠰᠤᠶᠤᠯ ᠵᠢᠭᠤᠯᠴᠢᠯᠠᠯ ᠤᠨ ᠦᠢᠯᠡᠰ ᠪᠤᠯᠤᠨ ᠠᠵᠤ ᠠᠬᠤᠢ ᠨᠡᠶᠢᠬᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃      ᠬᠥᠭᠡ ᠯᠤᠤ ︵2024 ᠤᠨ︶ ᠵᠢᠯ ᠤᠨ ᠴᠢᠩᠬᠢᠰ ᠬᠠᠭᠠᠨ ᠤ ᠬᠠᠪᠤᠷ ᠤᠨ ᠤᠯᠠᠷᠢᠯ ᠤᠨ ᠴᠠᠭᠠᠨ ᠰᠦᠷᠦᠭ ᠤᠨ ᠶᠡᠭᠡ ᠳᠠᠶᠢᠯᠭ᠎ᠠ ᠪᠤᠯ ᠴᠢᠩᠬᠢᠰ ᠬᠠᠭᠠᠨ ᠤ ᠣᠩᠭᠤᠨ ᠤ ᠵᠢᠭᠤᠯᠴᠢᠯᠠᠯ ᠤᠨ ᠤᠷᠤᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢᠭᠡ ᠤᠳᠠᠭᠠᠨ ᠤ ᠤᠯᠠᠮᠵᠢᠯᠠᠯᠲᠤ ᠠᠷᠠᠳ ᠤᠨ ᠳᠠᠬᠢᠯᠭ᠎ᠠ ᠶᠢᠨ ᠠᠵᠢᠯᠯᠠᠭ᠎ᠠ ᠪᠤᠯᠤᠨ᠎ᠠ᠃ ᠪᠤᠳᠠᠰ ᠤᠨ ᠪᠤᠰᠤ ᠰᠤᠶᠤᠯ ᠤᠨ ᠥᠪ ᠢ ᠤᠯᠠᠮᠵᠢᠯᠠᠬᠤ ᠠᠵᠯᠯᠠᠭ᠎ᠠ ᠶᠢ ᠥᠷᠨᠢᠭᠦᠯᠬᠦ ᠨᠢ ᠰᠤᠶᠤᠯ ᠤᠨ ᠢᠲᠡᠭᠡᠯ ᠢ ᠤᠯᠠᠮ ᠨᠢᠭᠡ ᠠᠯᠬᠤᠮ ᠪᠠᠲᠤᠳᠬᠠᠵᠤ᠂ 5A ᠲᠡᠰ ᠤᠨ ᠦᠵᠡᠮᠵᠢ ᠶᠢᠨ ᠤᠷᠤᠨ ᠤ ᠨᠥᠯᠦᠭᠡᠯᠡᠬᠦ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠤ᠂ ᠴᠢᠩᠬᠢᠰ ᠬᠠᠭᠠᠨ ᠤ ᠤᠩᠭᠤᠨ ᠤ ᠵᠢᠭᠤᠯᠴᠢᠯᠠᠯ ᠤᠨ ᠤᠷᠤᠨ  ᠤ ᠲᠥᠷᠥᠯ ᠲᠡᠮᠲᠡᠭ ᠳᠦᠷᠢ ᠳᠦᠷᠬᠦ ᠶᠢ ᠪᠤᠢ ᠪᠤᠯᠭᠠᠵᠤ᠂ ᠪᠦᠬᠦ ᠤᠷᠤᠨ ᠤ ︽ᠬᠤᠶᠠᠷ ᠶᠡᠭᠡ ᠶᠠᠪᠤᠳᠠᠯ︾᠂ ︽ᠵᠢᠷᠭᠤᠭᠠᠨ ᠢᠨᠵᠧᠨᠧᠷᠢᠩ︾ ᠪᠤᠯᠤᠨ ᠪᠦᠬᠦ ᠬᠤᠲᠠ  ᠶᠢᠨ ︽ᠭᠤᠷᠪᠠᠨ ᠲᠥᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠬᠦ ᠪᠤᠯᠤᠨ᠎ᠠ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ