ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠢ ᠠᠩᠬᠠᠷᠤᠯ ᠳᠠᠭᠠᠨ ᠠᠪᠤᠶ᠎ᠠ
ᠨᠡᠶᠢᠲᠡᠯᠡᠭᠰᠡᠨ ᠴᠠᠭ᠄
2024/4/30
      ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠪᠤᠯ ᠤᠯᠤᠰ ᠤᠨ ᠠᠮᠤᠷ ᠳᠥᠪᠰᠢᠨ ᠤ ᠴᠢᠬᠤᠯᠠ ᠪᠦᠷᠢᠯᠳᠦᠬᠦᠨ ᠬᠡᠰᠡᠭ ᠮᠦᠨ᠂ ᠪᠠᠰᠠ ᠴᠦ ᠤᠯᠤᠰ ᠲᠥᠷᠥ᠂ ᠠᠵᠤ ᠠᠬᠤᠢ ᠨᠡᠶᠢᠬᠡᠮ ᠪᠤᠯᠤᠨ ᠴᠡᠷᠢᠭ ᠤᠨ ᠶᠠᠪᠤᠳᠠᠯ ᠵᠡᠷᠭᠡ ᠬᠦᠷᠢᠶᠡᠨ ᠳᠠᠬᠢ ᠠᠮᠤᠷ ᠳᠥᠪᠰᠢᠨ ᠤ ᠴᠢᠬᠤᠯᠠ ᠰᠠᠭᠤᠷᠢ ᠮᠦᠨ᠃ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠭᠡᠳᠡᠭ ᠨᠢ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠵᠢᠴᠢ ᠬᠠᠮᠢᠶ᠎ᠠ ᠪᠦᠬᠦᠢ ᠠᠰᠢᠭ ᠲᠤᠰᠠ ᠨᠢ ᠰᠦᠷᠳᠡᠭᠦᠯᠦᠯ ᠳᠤ ᠤᠴᠠᠷᠠᠬᠤ ᠦᠭᠡᠢ ᠪᠤᠶᠤ ᠬᠤᠬᠢᠷᠠᠯ ᠳᠤ ᠥᠯᠥ ᠤᠴᠠᠷᠠᠬᠤ ᠪᠠᠶᠢᠳᠠᠯ ᠢ ᠵᠢᠭᠠᠵᠤ ᠪᠤᠢ᠂ ᠡᠭᠦᠨ ᠳᠤ ᠮᠡᠷᠭᠡᠵᠢᠯ ᠤᠨ ᠡᠷᠬᠡ ᠮᠡᠳᠡᠯ ᠤᠨ ᠠᠮᠤᠷ ᠳᠥᠪᠰᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠨᠢᠭᠤᠴᠠ ᠶᠢᠨ ᠠᠮᠤᠷ ᠳᠥᠪᠰᠢᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠯᠠᠭ᠎ᠠ ᠶᠢᠨ ᠠᠮᠤᠷ ᠳᠥᠪᠰᠢᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠠᠮᠤᠷ ᠳᠥᠪᠰᠢᠨ ᠵᠡᠷᠭᠡ ᠲᠠᠯ᠎ᠠ  ᠶᠢᠨ ᠠᠭᠤᠯᠭ᠎ᠠ ᠶᠢ ᠪᠠᠭᠲᠠᠭᠠᠨ᠎ᠠ᠃
微信图片_20240430174701.jpg
     ᠤᠳᠤᠬᠠᠨ ᠳᠤ᠂ ᠲᠤᠮᠤ ᠳ᠋ᠠᠶᠢᠲ᠋ᠠ᠂ ᠵᠤᠬᠢᠶᠠᠮᠠᠯ ᠤᠶᠤᠨ᠂ 5G ᠪᠠᠷ ᠲᠥᠯᠥᠭᠡᠯᠡᠭᠦᠯᠦᠭᠰᠡᠨ ᠰᠢᠨ᠎ᠡ ᠪᠠᠷ ᠪᠤᠢ ᠪᠤᠯᠤᠭᠰᠠᠨ ᠮᠡᠷᠭᠡᠵᠢᠯ ᠨᠢ ᠶᠠᠭ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠪᠠ ᠠᠵᠤ ᠦᠢᠯᠡᠰ ᠤᠨ ᠬᠤᠪᠢᠰᠤᠯᠲᠠ ᠶᠢ ᠪᠤᠢ ᠪᠤᠯᠭᠠᠵᠤ ᠪᠠᠶᠢᠨ᠎ᠠ᠃ ᠭᠡᠳᠡᠯ᠎ᠡ ᠵᠠᠷᠢᠮ ᠲᠡᠷᠢᠭᠦᠨ ᠤ ᠰᠢᠨᠵᠢᠯᠡᠬᠦ ᠤᠬᠠᠭᠠᠨ ᠮᠡᠷᠭᠡᠵᠢᠯ ᠢ ᠳᠤᠷ᠎ᠠ ᠪᠠᠷ ᠬᠡᠷᠡᠭᠯᠡᠭᠰᠡᠨ ᠠᠴᠠ ᠡᠭᠦᠰᠴᠦ ᠮᠡᠳᠡᠬᠦ ᠠᠶᠤᠯ ᠲᠦᠭᠰᠢᠭᠦᠷᠢ ᠨᠢ ᠪᠠᠰᠠ ᠤᠯᠠᠨ ᠨᠡᠶᠢᠲᠡ ᠶᠢᠨ ᠠᠩᠬᠠᠷᠤᠯ ᠤᠨ ᠲᠥᠪ ᠪᠤᠯᠤᠭᠰᠠᠨ ᠪᠠᠶᠢᠨ᠎ᠠ᠃ ᠲᠡᠶᠢᠮᠦ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠲᠦᠷᠭᠡᠨ ᠬᠥᠭᠵᠢᠯᠲᠡ ᠠᠴᠠ ᠪᠤᠯᠤᠭᠰᠠᠨ ᠰᠢᠨ᠎ᠡ ᠠᠵᠠ ᠲᠤᠬᠢᠶᠠᠯ ᠪᠤᠯᠤᠨ ᠰᠢᠨ᠎ᠡ ᠰᠢᠯᠭᠠᠯᠲᠠ ᠶᠢᠨ ᠡᠮᠦᠨ᠎ᠡ᠂ ᠨᠡᠶᠢᠬᠡᠮ ᠳᠠᠶᠠᠭᠠᠷ ᠬᠥᠲᠡᠯᠦᠯᠴᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠢ᠃     ᠰᠢᠨᠵᠢᠯᠡᠬᠦ ᠤᠬᠠᠭᠠᠨ ᠮᠡᠷᠭᠡᠵᠢᠯ ᠢ ᠲᠤᠷ᠎ᠠ ᠪᠠᠷ ᠬᠡᠷᠡᠭᠯᠡᠬᠦ ᠵᠢᠴᠢ ᠲᠡᠭᠦᠨ ᠠᠴᠠ ᠪᠤᠯᠵᠤ ᠡᠭᠦᠰᠴᠦ ᠮᠡᠳᠡᠭᠦ ᠠᠶᠤᠯ ᠲᠦᠭᠰᠢᠭᠦᠷᠢ ᠶᠢ ᠰᠡᠷᠭᠡᠶᠢᠯᠡᠬᠦ ᠶᠢᠨ ᠲᠥᠯᠥᠭᠡ ᠰᠢᠨᠵᠢᠯᠡᠬᠦ ᠤᠬᠠᠭᠠᠨ ᠮᠡᠷᠭᠡᠵᠢᠯ ᠤᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠡᠷᠭᠡᠵᠢᠯ ᠢ ᠲᠤᠷ᠎ᠠ ᠪᠠᠷ ᠬᠡᠷᠡᠭᠯᠡᠬᠦ ᠶᠢ ᠰᠡᠷᠭᠡᠶᠢᠯᠡᠨ᠂ ᠰᠢᠨᠵᠢᠯᠡᠬᠦ ᠤᠬᠭᠠᠨ ᠮᠡᠷᠭᠡᠵᠢᠯ ᠤᠨ ᠠᠮᠤᠷ ᠳᠥᠪᠰᠢᠨ ᠢ ᠪᠠᠲᠤᠯᠠᠬᠤ ᠴᠢᠬᠤᠯᠲᠠᠢ ᠪᠠᠶᠢᠨ᠎ᠠ᠃ ᠡᠩ ᠲᠡᠷᠢᠭᠦᠨ ᠤ ᠠᠶᠤᠯ ᠲᠦᠭᠰᠢᠭᠦᠷᠢ ᠶᠢ ᠤᠷᠢᠳᠴᠢᠯᠠᠨ ᠮᠠᠭᠠᠳᠯᠠᠬᠤ ᠴᠢᠳᠠᠪᠤᠷᠢ ᠪᠠᠨ ᠳᠡᠭᠡᠭᠰᠢᠯᠡᠬᠦᠯᠬᠦ ᠴᠢᠬᠤᠯᠠ ᠲᠠᠢ᠃ ᠲᠤᠮᠤ ᠳ᠋ᠠᠶᠢᠲ᠋ᠠ᠂ ᠡᠭᠦᠯᠡᠨ ᠪᠤᠳᠤᠯᠲᠠ᠂ ᠵᠤᠬᠢᠶᠠᠮᠠᠯ ᠤᠶᠤᠨ ᠵᠡᠷᠭᠡ ᠲᠡᠷᠢᠭᠦᠨ ᠤ ᠮᠡᠷᠭᠡᠵᠢᠯ ᠢ ᠰᠠᠶᠢᠲᠤᠷ ᠬᠡᠷᠡᠭᠯᠡᠨ᠂ ᠠᠶᠤᠯ ᠲᠦᠭᠰᠢᠭᠦᠷᠢ ᠡᠭᠦᠰᠬᠡᠵᠤ ᠮᠡᠳᠡᠬᠦ ᠰᠢᠨᠵᠢᠯᠡᠬᠦ ᠤᠬᠠᠭᠠᠨ ᠮᠡᠷᠭᠡᠵᠢᠯ ᠤᠨ ᠳᠠᠯᠲᠠ ᠬᠡᠮ ᠢ ᠢᠯᠡᠷᠡᠭᠦᠯᠬᠦ ᠪᠤᠶᠤ ᠪᠠᠶᠢᠳᠠᠯ ᠢ ᠤᠷᠢᠳᠴᠢᠯᠠᠨ ᠮᠠᠭᠠᠳᠯᠠᠵᠤ ᠰᠢᠢᠳᠪᠦᠷᠢᠯᠡᠬᠦ ᠪᠠᠷ ᠴᠢᠷᠮᠠᠶᠢᠵᠤ᠂ ᠠᠵᠤ ᠠᠬᠤᠢ ᠨᠡᠶᠢᠬᠡᠮ ᠤᠨ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ᠂ ᠤᠯᠤᠰ  ᠤᠨ ᠠᠮᠤᠷ ᠳᠥᠪᠰᠢᠨ ᠢ ᠬᠠᠮᠠᠭᠠᠯᠠᠬᠤ ᠳᠤ ᠬᠦᠴᠦᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠪᠠᠯ ᠵᠤᠬᠢᠨ᠎ᠠ᠃ ᠳᠠᠷᠠᠭ᠎ᠠ ᠨᠢ᠂ ᠳᠡᠭᠡᠳᠦ ᠰᠤᠷᠭᠠᠭᠤᠯᠢ᠂ ᠰᠢᠨᠵᠢᠯᠡᠬᠦ ᠤᠬᠭᠠᠨ ᠤ ᠰᠤᠳᠤᠯᠭᠠᠨ ᠤ ᠪᠠᠶᠢᠭᠤᠯᠤᠮᠵᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ ᠠᠵᠤ ᠠᠬᠤᠶᠢᠯᠠᠯ ᠵᠡᠷᠭᠡ ᠰᠢᠨ᠎ᠡ  ᠶᠢ ᠡᠭᠦᠳᠬᠦ ᠪᠠᠶᠢᠭᠤᠯᠭ᠎ᠠ ᠨᠢᠭᠡᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠳᠠᠳ ᠤᠨ ᠵᠥᠪ ᠶᠤᠰᠤ ᠰᠤᠷᠲᠠᠬᠤᠨ ᠤ ᠦᠵᠡᠯᠲᠡ ᠶᠢ ᠪᠤᠢ ᠪᠤᠯᠭᠠᠬᠤ ᠶᠢ ᠱᠠᠭᠠᠷᠳᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠬᠡᠮ ᠳᠤ ᠦᠵᠡᠭᠦᠯᠬᠦ ᠬᠤᠬᠢᠷᠠᠯ ᠢ ᠪᠠᠭᠠᠰᠬᠠᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠮᠦᠨ ᠲᠥᠷᠥᠯᠬᠢᠲᠡᠨ ᠳᠤ ᠪᠤᠶᠠᠨ ᠦᠢᠯᠡᠳᠬᠦ ᠶᠢ ᠠᠬᠢᠭᠤᠯᠬᠤ ᠶᠢᠨ ᠳᠠᠭᠠᠤ ᠳᠤ ᠭᠤᠤᠯᠳᠠᠯᠭ᠎ᠠ ᠲᠠᠢ ᠰᠢᠨᠵᠢᠯᠡᠾ ᠤᠬᠠᠭᠠᠨ ᠮᠡᠷᠭᠡᠵᠢᠯ ᠤᠨ ᠬᠦᠷᠢᠶ᠎ᠡ ᠴᠠᠷᠠᠭ᠎ᠠ ᠳᠤ ᠬᠠᠨᠳᠤᠭᠤᠯᠵᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠷᠡᠭᠯᠡᠭᠡᠨ ᠤ ᠳᠥᠷᠢᠮᠵᠢᠯ ᠢ ᠲᠤᠭᠲᠠᠭᠠᠬᠤ ᠴᠢᠬᠤᠯᠠ ᠲᠠᠢ᠃ ᠳᠠᠬᠢᠪᠠᠯ᠂ ᠠᠷᠠᠳ ᠲᠦᠮᠡᠨ ᠢᠶᠠᠷ ᠰᠠᠭᠤᠷᠢ ᠪᠤᠯᠭᠠᠬᠤ ᠬᠡᠷᠡᠭᠲᠡᠢ᠃ ᠠᠷᠠᠳ ᠲᠦᠮᠡᠨ ᠪᠤᠯ ᠤᠯᠤᠰ ᠤᠨ ᠠᠮᠤᠷ ᠳᠥᠪᠰᠢᠨ ᠢ ᠬᠠᠮᠠᠭᠠᠯᠠᠬᠤ ᠰᠠᠭᠤᠷᠢ ᠬᠦᠴᠦᠨ ᠮᠦᠨ᠂ ᠨᠡᠶᠢᠬᠡᠮ ᠳᠠᠶᠠᠭᠠᠷ ᠢᠶᠠᠨ ᠴᠢᠷᠮᠠᠶᠢᠵᠤ᠂ ᠤᠯᠤᠰ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠢ ᠬᠠᠮᠠᠭᠠᠯᠠᠬᠤ ᠤᠬᠠᠮᠰᠠᠷ ᠪᠤᠯᠤᠨ ᠴᠢᠳᠠᠪᠤᠷᠢ ᠪᠠᠨ ᠦᠨᠡᠨ ᠬᠦ ᠳᠡᠭᠡᠭᠰᠢᠯᠡᠬᠦᠯᠵᠤ᠂ ᠤᠯᠤᠰ ᠤᠨ ᠨᠢᠭᠤᠴᠠ ᠶᠢ ᠬᠠᠮᠠᠭᠠᠯᠠᠬᠤ ᠬᠠᠮᠢᠶ᠎ᠠ ᠪᠦᠬᠦᠢ ᠬᠠᠤᠯᠢ ᠴᠠᠭᠠᠵᠠ ᠳᠥᠷᠢᠮ ᠲᠤᠭᠲᠠᠭᠠᠯ ᠢ ᠤᠬᠠᠮᠰᠠᠷ ᠠᠴᠠ ᠪᠠᠨ ᠰᠤᠷᠤᠯᠴᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠵᠢᠯᠯᠠᠭ᠎ᠠ ᠶᠢ ᠬᠠᠮᠲᠤ ᠪᠠᠷ ᠰᠠᠷᠭᠡᠶᠢᠯᠡᠨ ᠬᠤᠷᠢᠭᠯᠠᠵᠤ᠂ ᠤᠯᠤᠰ ᠤᠷᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠢ ᠬᠠᠮᠠᠭᠠᠯᠠᠬᠤ ᠳᠤ ᠪᠠᠲᠤ ᠰᠠᠭᠤᠷᠢ ᠲᠠᠯᠪᠢᠬᠤ ᠬᠡᠷᠡᠭᠲᠡᠢ᠃     ᠰᠢᠨᠵᠢᠯᠡᠬᠦ ᠤᠬᠠᠭᠠᠨ ᠮᠡᠷᠭᠡᠵᠢᠯ ᠬᠥᠭᠵᠢᠪᠡᠯ ᠤᠯᠤᠰ ᠤᠷᠤᠨ ᠮᠠᠨᠳᠤᠵᠤ᠂ ᠰᠢᠨᠵᠢᠯᠡᠬᠦ ᠤᠬᠭᠠᠨ ᠮᠡᠷᠭᠡᠵᠢᠯ ᠬᠦᠴᠦᠷᠬᠡᠭᠵᠢᠪᠡᠯ ᠤᠯᠤᠰ ᠤᠷᠤᠨ ᠬᠦᠴᠦᠷᠬᠡᠭᠵᠢᠨ᠎ᠡ᠃ ᠪᠢᠳᠠ ᠰᠢᠨᠵᠢᠯᠡᠬᠦ ᠤᠬᠠᠭᠠᠨ ᠮᠡᠷᠭᠡᠵᠢᠯ ᠤᠨ ᠠᠮᠤᠷ ᠳᠥᠪᠰᠢᠨ ᠢ ᠡᠷᠡᠰ ᠬᠠᠮᠠᠭᠠᠯᠠᠪᠠᠯ ᠰᠠᠶ᠋ᠢ ᠤᠯᠤᠰ ᠤᠷᠤᠨ ᠤ ᠠᠮᠤᠷ ᠳᠥᠪᠰᠢᠨ ᠢ ᠦᠨᠡᠨ ᠬᠦ ᠬᠠᠮᠠᠭᠠᠯᠠᠵᠤ ᠴᠢᠳᠠᠨ᠎ᠠ᠃
微信图片_20240430174722.jpg
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ