1— 2 ᠰᠠᠷ᠎ᠠ ᠳᠤ ᠮᠠᠨ ᠤ ᠬᠤᠲᠠ ᠶᠢᠨ ᠲᠤᠭᠲᠠᠮᠠᠯ ᠬᠥᠷᠥᠩᠬᠡ ᠶᠢᠨ ᠪᠡᠯᠡ ᠣᠷᠣᠭᠤᠯᠣᠯᠲᠠ ᠠᠳᠠᠯᠢ ᠬᠤᠭᠤᠴᠠᠭᠠᠨ ᠤ ᠬᠢ ᠠᠴᠠ 42.3% ᠨᠡᠮᠡᠭᠳᠡᠪᠡ
ᠨᠡᠶᠢᠲᠡᠯᠡᠭᠰᠡᠨ ᠴᠠᠭ᠄
2024/4/9
      ᠡᠨᠡ ᠵᠢᠯ ᠠᠴᠠ ᠨᠠᠭᠠᠰᠢ᠂ ᠮᠠᠨ ᠤ ᠬᠤᠲᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠡᠯ᠎ᠡ ᠭᠤᠣᠯᠳᠠᠯᠭ᠎ᠠ ᠲᠠᠢ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠠᠵᠢᠯ ᠡᠬᠢᠯᠡᠭᠦᠯᠵᠤ᠂ ᠥᠷᠨᠢᠨ ᠬᠥᠭᠵᠢᠭᠰᠡᠨ ᠰᠠᠶᠢᠨ ᠪᠠᠶᠢᠳᠠᠯ ᠢᠯᠡᠷᠡᠵᠤ᠂ ᠪᠦᠬᠦ ᠬᠤᠲᠠ ᠶᠢᠨ ᠲᠤᠭᠲᠠᠮᠠᠯ ᠬᠥᠷᠦᠩᠭᠡ ᠶᠢᠨ ᠪᠡᠯᠡ ᠤᠷᠤᠭᠤᠯᠤᠯᠲᠠ ᠰᠠᠶᠢᠨ ᠡᠬᠢᠯᠡᠯᠲᠡ ᠲᠠᠢ ᠪᠤᠯᠪᠠ᠃ 1— 2 ᠰᠠᠷ᠎ᠠ ᠳᠤ᠂ ᠮᠠᠨ ᠤ ᠬᠤᠲᠠ ᠶᠢᠨ ᠲᠤᠭᠲᠠᠮᠠᠯ ᠬᠥᠷᠦᠩᠭᠡ ᠶᠢᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 42.3% ᠨᠡᠮᠡᠭᠳᠡᠵᠤ᠂ ᠤᠯᠤᠰ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 38.1 ᠥᠨᠳᠥᠷ ᠪᠤᠯᠵᠤ᠂ ᠥᠪᠡᠷᠲᠡᠭᠡᠨ ᠵᠠᠰᠠᠬᠤ ᠤᠷᠤᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 10.5 ᠥᠨᠳᠥᠷ ᠪᠤᠯᠵᠤ᠂ ᠨᠡᠮᠡᠭᠳᠡᠯ ᠤᠨ ᠬᠤᠷᠳᠤᠴᠠ ᠪᠦᠬᠦ ᠣᠷᠣᠨ ᠳᠤ ᠲᠡᠷᠢᠭᠦᠯᠡᠪᠡ᠃      ᠭᠤᠷᠪᠠᠨ ᠠᠵᠤ ᠦᠢᠯᠡᠰ ᠤᠨ ᠪᠡᠯᠡ ᠤᠷᠤᠭᠤᠯᠤᠯᠲᠠ ᠴᠦᠮ ᠨᠡᠮᠡᠭᠳᠡᠵᠤ᠂ ᠬᠤᠶᠠᠳᠤᠭᠠᠷ ᠠᠵᠤ ᠦᠢᠯᠡᠰ ᠤᠨ ᠪᠡᠯᠡ ᠤᠷᠤᠭᠤᠯᠤᠯᠲᠠ ᠦᠷᠭᠦᠯᠵᠢᠯᠡᠨ ᠨᠡᠮᠡᠭᠳᠡᠪᠡ᠃ 1— 2 ᠰᠠᠷ᠎ᠠ ᠳᠤ᠂ ᠨᠢᠭᠡᠳᠦᠭᠡᠷ ᠠᠵᠤ ᠦᠢᠯᠡᠰ ᠤᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 42.3% ᠨᠡᠮᠡᠭᠳᠡᠵᠤ᠂ ᠪᠦᠬᠦ ᠪᠡᠯᠡ ᠣᠷᠣᠭᠤᠯᠤᠯᠲᠠ ᠶᠢᠨ 2.3% ᠶᠢ ᠡᠵᠡᠯᠡᠨ᠂ ᠠᠳᠠᠯᠢ ᠬᠤᠭᠤᠴᠠᠭᠠᠨ ᠤ ᠬᠢ ᠲᠠᠢ ᠲᠡᠩᠴᠡᠭᠦᠦ ᠪᠠᠷ ᠤᠯᠵᠤ᠂ ᠪᠦᠬᠦ ᠪᠡᠯᠡ ᠣᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 1 ᠳᠠᠶᠢᠴᠢᠯᠠᠪᠠ︔ ᠬᠤᠶᠠᠳᠤᠭᠠᠷ ᠠᠵᠤ ᠦᠢᠯᠡᠰ ᠤᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 45.4% ᠨᠡᠮᠡᠭᠳᠡᠵᠤ᠂  ᠪᠦᠬᠦ ᠪᠡᠯᠡ ᠤᠷᠤᠭᠤᠯᠤᠯᠲᠠ ᠶᠢᠨ 83.4% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 37.1 ᠳᠠᠶᠢᠴᠢᠯᠠᠪᠠ︔ ᠭᠤᠷᠪᠠᠳᠤᠭᠠᠷ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 26.7% ᠨᠡᠮᠡᠭᠳᠡᠵᠤ᠂ ᠪᠦᠬᠦ ᠪᠡᠯᠡ ᠣᠷᠣᠭᠤᠯᠤᠯᠲᠠ ᠶᠢᠨ 14.3% ᠶᠢ ᠡᠵᠡᠯᠡᠵᠤ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 4.3 ᠳᠠᠶᠢᠴᠢᠯᠠᠪᠠ︔      ᠴᠢᠬᠤᠯᠠ ᠶᠡᠭᠡ ᠲᠥᠷᠥᠯ ᠵᠦᠢᠯ ᠤᠨ ᠪᠤᠳᠠᠲᠤ ᠬᠦᠴᠦᠨ ᠨᠡᠮᠡᠭᠳᠡᠪᠡ᠃ 1— 2 ᠰᠠᠷ᠎ᠠ ᠳᠤ᠂ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 48.5% ᠨᠡᠮᠡᠭᠳᠡᠵᠤ᠂ ᠪᠦᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ  ᠶᠢᠨ ᠬᠠᠷᠢᠴᠠᠯ ᠢᠶᠠᠷ 41.7 ᠳᠠᠶᠢᠴᠢᠯᠠᠪᠠ︔ 10 ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠥᠷᠥᠯ ᠵᠦᠢᠯ ᠤᠨ ᠪᠡᠯᠡ ᠤᠷᠤᠭᠤᠯᠤᠯᠲᠠ ᠠᠳᠠᠯᠢ ᠬᠤᠭᠤᠴᠠᠭᠠᠨ  ᠤ ᠬᠢ ᠠᠴᠠ 61.1% ᠨᠡᠮᠡᠭᠳᠡᠵᠤ᠂ ᠴᠢᠬᠤᠯᠠ ᠶᠡᠭᠡ ᠲᠥᠷᠥᠯ ᠵᠦᠢᠯ ᠤᠨ ᠲᠤᠯᠭᠠᠭᠤᠷᠢᠯᠠᠬᠤ ᠦᠢᠯᠡᠳᠦᠯ ᠢᠯᠡᠷᠬᠡᠢ ᠪᠤᠯᠪᠠ᠃ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ ᠶᠢᠨ ᠠᠯᠬᠤᠴᠠ ᠲᠦᠷᠭᠡᠳᠴᠦ᠂ ᠦᠢᠯᠡᠳᠬᠦ ᠦᠢᠯᠡᠰ ᠤᠨ ᠪᠡᠯᠡ ᠣᠷᠤᠭᠤᠯᠤᠯᠲᠠ ᠢᠯᠡᠷᠬᠡᠢ ᠨᠡᠮᠡᠭᠳᠡᠪᠡ᠃ 1— 2 ᠰᠠᠷ᠎ᠠ ᠳᠤ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 45.1% ᠨᠡᠮᠡᠭᠳᠡᠵᠤ᠂ ᠪᠦᠬᠦ ᠪᠡᠯᠡ ᠣᠷᠤᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 2.8 ᠥᠨᠳᠥᠷ ᠪᠤᠯᠵᠤ᠂ ᠪᠦᠬᠦ ᠪᠡᠯᠡ ᠤᠷᠤᠭᠤᠯᠤᠯᠲᠠ ᠶᠢᠨ 83.5% ᠶᠢ ᠡᠵᠡᠯᠡᠵᠤ᠂ ᠪᠦᠬᠦ ᠪᠡᠯᠡ ᠤᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 36.9 ᠳᠠᠶᠢᠴᠢᠯᠠᠪᠠ᠃ ᠡᠭᠦᠨ ᠳᠤ᠂ ᠦᠢᠯᠡᠳᠬᠦ ᠦᠢᠯᠡᠰ ᠤᠨ ᠪᠡᠯᠡ ᠤᠷᠤᠭᠤᠯᠤᠯᠲᠠ 399.7% ᠨᠡᠮᠡᠭᠳᠡᠵᠤ᠂ ᠠᠵᠤ ᠦᠢᠯᠡᠳᠪᠦᠷᠢ ᠶᠢᠨ ᠪᠡᠯᠡ ᠣᠷᠤᠭᠤᠯᠤᠯᠲᠠ ᠶᠢᠨ 64.6% ᠶᠢ ᠡᠵᠡᠯᠡᠵᠤ᠂ ᠠᠵᠤ ᠦᠢᠯᠡᠳᠪᠦᠷᠢ ᠶᠢᠨ ᠪᠡᠯᠡ ᠤᠷᠤᠭᠤᠯᠤᠯᠲᠠ ᠶᠢ ᠵᠠᠭᠤᠨ ᠤ ᠬᠤᠪᠢ ᠶᠢᠨ ᠬᠠᠷᠢᠴᠠᠯ ᠢᠶᠠᠷ 75 ᠳᠠᠶᠢᠴᠢᠯᠠᠵᠤ᠂ ᠪᠦᠬᠦ ᠪᠡᠯᠡ ᠣᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 61.4 ᠳᠠᠶᠢᠴᠢᠯᠠᠪᠠ᠃      ᠠᠷᠠᠳ ᠤᠨ ᠪᠡᠯᠡ ᠤᠷᠤᠭᠤᠯᠤᠯᠲᠠ ᠦᠷᠭᠦᠯᠵᠢᠯᠡᠨ ᠨᠡᠮᠡᠭᠳᠡᠪᠡ᠃ ᠮᠠᠨ ᠤ ᠬᠤᠲᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠠ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠡᠯ᠎ᠡ ᠲᠥᠷᠥᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠳᠠᠭᠠᠯᠳᠤᠨ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠦᠷᠭᠦᠯᠵᠢᠯᠡᠨ ᠰᠠᠶᠢᠵᠢᠷᠠᠵᠤ᠂ ᠮᠠᠨ ᠤ ᠬᠤᠲᠠ ᠶᠢᠨ ᠠᠷᠠᠳ ᠤᠨ ᠪᠡᠯᠡ ᠣᠷᠤᠭᠤᠯᠤᠯᠲᠠ ᠦᠷᠭᠦᠯᠵᠢᠯᠡᠨ ᠲᠤᠭᠲᠠᠭᠤᠨ ᠢᠶᠠᠷ ᠨᠡᠮᠡᠭᠳᠡᠬᠦ ᠬᠠᠨᠳᠤᠰᠢ ᠲᠠᠢ ᠪᠤᠯᠪᠠ᠃ 1— 2 ᠰᠠᠷ᠎ᠠ ᠳᠤ᠂ ᠠᠷᠠᠳ ᠤᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 74.8% ᠨᠡᠮᠡᠭᠳᠡᠨ᠂ ᠪᠦᠬᠦ ᠪᠡᠯᠡ ᠣᠷᠤᠭᠤᠯᠤᠯᠲᠠ ᠶᠢᠨ 62.5% ᠶᠢ ᠡᠵᠡᠯᠡᠵᠤ᠂ ᠪᠦᠬᠦ ᠪᠡᠯᠡ ᠤᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ  ᠢᠶᠠᠷ 38.1 ᠳᠠᠶᠢᠴᠢᠯᠠᠪᠠ᠃ ᠡᠭᠦᠨ ᠳᠤ᠂ ᠠᠵᠤ ᠦᠢᠯᠡᠳᠪᠦᠷᠢ ᠶᠢᠨ ᠠᠷᠠᠳ ᠤᠨ ᠪᠡᠯᠡ ᠣᠷᠤᠭᠤᠯᠤᠯᠲᠠ ᠠᠳᠠᠯᠢ ᠬᠤᠭᠤᠴᠠᠭᠠᠨ ᠤ ᠬᠢ ᠠᠴᠠ 88.6% ᠨᠡᠮᠡᠭᠳᠡᠵᠤ᠂ ᠠᠷᠠᠳ ᠤᠨ ᠪᠡᠯᠡ ᠣᠷᠤᠭᠤᠯᠤᠯᠲᠠ ᠶᠢᠨ 84.7% ᠶᠢ ᠡᠵᠡᠯᠡᠵᠤ᠂ ᠠᠷᠠᠳ ᠤᠨ ᠪᠦᠬᠦ ᠪᠡᠯᠡ ᠣᠷᠤᠭᠤᠯᠤᠯᠲᠠ ᠶᠢᠨ ᠨᠡᠮᠡᠭᠳᠡᠯ ᠢ ᠵᠠᠭᠤᠨ ᠤ ᠬᠤᠪᠢ  ᠶᠢᠨ ᠬᠠᠷᠢᠴᠠᠯ ᠢᠶᠠᠷ 69.6 ᠳᠠᠶᠢᠴᠢᠯᠠᠪᠠ᠃  
ᠢᠷᠡᠯᠲᠡ᠄ ᠣᠷᠳᠣᠰ ᠤᠨ ᠡᠳᠦᠷ ᠤᠨ ᠰᠤᠨᠢᠨ