ᠣᠷᠳᠣᠰ ᠤᠨ ᠮᠠᠯᠵᠢᠬᠤ ᠲᠠᠷᠢᠶᠠᠯᠠᠬᠤ ᠤᠷᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠪᠦᠬᠦ ᠲᠠᠯ᠎ᠠ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2024/4/9
      ᠣᠶᠢᠷ᠎ᠠ ᠶᠢᠨ ᠡᠳᠦᠷ ᠤᠳ ᠲᠤ᠂ ᠳᠠᠯᠠᠳ ᠬᠤᠰᠢᠭᠤᠨ ᠤ ᠵᠤᠤ ᠵᠢᠶᠦ᠋ᠨ ᠪᠠᠯᠭᠠᠰᠤ ᠶᠢᠨ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ᠂ ᠬᠠᠩᠬᠢᠨ ᠬᠤᠰᠢᠭᠤᠨ ᠤ ᠰᠢᠨᠡᠪᠠᠯᠭᠠᠰᠤ ᠶᠢᠨ ᠡᠷᠭᠢᠨ ᠲᠤᠭᠤᠷᠢᠨ ᠤ 8 ᠲᠤᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ᠂ ᠡᠵᠡᠨ ᠬᠤᠷᠤᠭ᠎ᠠ ᠬᠤᠰᠢᠭᠤᠨ ᠤ ᠬᠥᠳᠡᠭᠡ ᠲᠤᠰᠬᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠵᠡᠷᠭᠡ ᠪᠦᠬᠦ ᠬᠤᠲᠠ ᠶᠢᠨ ᠡᠯ᠎ᠡ ᠶᠡᠭᠡ ᠭᠤᠣᠯᠳᠠᠯᠭ᠎ᠠ ᠲᠠᠢ ᠤᠰᠤ ᠬᠠᠩᠭᠠᠬᠤ ᠪᠠᠲᠤᠯᠠᠭ᠎ᠠ  ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠮᠠᠰᠢᠨ ᠲᠡᠷᠭᠡ ᠰᠦᠯᠵᠢᠯᠳᠦᠵᠤ᠂ ᠮᠠᠰᠢᠨ ᠮᠧᠬᠠᠨᠢᠭ ᠬᠦᠩᠬᠢᠨᠡᠵᠤ᠂ ᠠᠵᠢᠯᠴᠢᠳ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠤ᠂ ᠡᠷᠡᠮᠡᠬᠡᠶᠢᠯᠡᠨ ᠤᠷᠤᠭᠰᠢᠯᠠᠬᠤ ᠤᠷᠢᠬᠠᠨ ᠬᠠᠪᠤᠷ ᠲᠤ ᠤᠰᠤᠨ ᠠᠰᠢᠭᠯᠠᠯᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠬᠦᠴᠦ ᠨᠡᠮᠡᠷᠢᠯᠡᠨ᠎ᠡ᠃
微信图片_20240408155410.jpg
      2024 ᠤᠨ ᠳᠤ ᠤᠷᠳᠤᠰ ᠬᠤᠲᠠ ᠮᠠᠯᠵᠢᠬᠤ ᠲᠠᠷᠢᠶᠠᠯᠠᠬᠤ ᠤᠷᠤᠨ ᠤ ᠤᠰᠤ ᠬᠠᠩᠭᠠᠬᠤ ᠪᠠᠲᠤᠯᠠᠭ᠎ᠠ ᠶᠢᠨ ᠢᠨᠵᠧᠨᠧᠷᠢᠩ ᠤᠨ 17 ᠲᠥᠷᠥᠯ ᠵᠦᠢᠯ ᠤᠨ 24 ᠬᠡᠰᠡᠭ ᠢ ᠲᠥᠯᠥᠪᠵᠢᠭᠦᠯᠦᠨ ᠬᠡᠷᠡᠭᠵᠢᠭᠦᠯᠵᠤ᠂ ᠮᠠᠯᠴᠢᠨ ᠲᠠᠷᠢᠶᠠᠴᠢᠨ ᠤ 5 ᠺᠢᠯᠤᠮᠧᠲᠷ ᠠᠴᠠ ᠬᠤᠯᠠ ᠭᠠᠵᠠᠷ ᠠᠴᠠ ᠤᠰᠤ ᠲᠠᠲᠠᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠬᠦ ᠪᠠᠷ ᠪᠤᠢ᠃      ᠣᠶᠢᠷ᠎ᠠ ᠶᠢᠨ ᠵᠢᠯ ᠤᠳ ᠲᠤ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠲᠤᠪᠴᠢᠶ᠎ᠠ ᠨᠢ ︽ᠤᠰᠤ ᠪᠠᠷ ᠠᠷᠠᠳ ᠲᠤ ᠠᠰᠢᠭ ᠬᠦᠷᠲᠡᠭᠡᠬᠦ︾ ᠲᠥᠷᠥ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠯᠠᠭᠠᠯᠠᠬᠤ ᠢᠨᠵᠧᠨᠧᠷᠢᠩ ᠤᠨ ᠮᠠᠯᠵᠢᠬᠤ ᠲᠠᠷᠢᠶᠠᠯᠠᠬᠤ ᠤᠷᠤᠨ ᠤ ᠤᠰᠤ ᠬᠠᠩᠭᠠᠬᠤ ᠪᠠᠲᠤᠯᠠᠭ᠎ᠠ  ᠶᠢᠨ ᠲᠤᠭᠲᠠᠯᠴᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠴᠢᠨᠠᠷ ᠰᠠᠶᠢᠲᠠᠢ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠤᠬᠢᠶᠠᠵᠤ᠂ ᠬᠥᠳᠡᠭᠡ ᠲᠣᠰᠬᠤᠨ ᠤ ᠤᠰᠤ ᠬᠠᠩᠭᠠᠬᠤ ᠢᠨᠵᠧᠨᠧᠷᠢᠩ ᠤᠨ ᠲᠤᠭᠲᠠᠯᠴᠠᠭ᠎ᠠ ᠶᠢ ᠶᠡᠬᠡᠪᠡᠷ ᠲᠡᠭᠦᠯᠳᠡᠷᠵᠢᠭᠦᠯᠦᠨ᠂ ᠬᠥᠳᠡᠭᠡ ᠲᠤᠰᠬᠤᠨ ᠤ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠬᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠤ᠂ ᠬᠥᠳᠡᠭᠡ ᠲᠤᠰᠬᠤᠨ ᠤ ᠤᠰᠤ ᠬᠠᠩᠭᠠᠬᠤ ᠬᠠᠮᠢᠶᠠᠷᠤᠯᠲᠠ ᠶᠢᠨ ᠳᠥᠷᠢᠮ ᠢ ᠦᠷᠭᠦᠯᠵᠢᠯᠡᠨ ᠲᠡᠭᠦᠯᠳᠡᠷᠵᠢᠭᠦᠯᠵᠤ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ ᠳᠥᠪᠰᠢᠨ ᠢ ᠪᠠᠲᠤᠯᠠᠬᠤ ᠢᠨᠵᠧᠨᠧᠷᠢᠩ ᠢ ᠬᠡᠷᠡᠭᠵᠢᠭᠦᠯᠵᠤ᠂ ᠮᠠᠯᠴᠢᠨ ᠲᠠᠷᠢᠶᠠᠴᠢᠨ ᠤ 10 ᠺᠢᠯᠤᠮᠧᠲᠷ ᠠᠴᠠ ᠬᠤᠯᠠ ᠭᠠᠵᠠᠷ ᠠᠴᠠ ᠤᠰᠤ ᠲᠠᠲᠠᠬᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠵᠤ᠂ ᠪᠦᠬᠦ ᠬᠤᠲᠠ ᠶᠢᠨ ᠬᠡᠳᠦᠨ ᠠᠷᠪᠠᠨ ᠲᠦᠮᠡᠨ ᠣᠯᠠᠨ ᠲᠦᠮᠡᠨ ᠳᠤ ︽ᠵᠤᠯ ᠵᠢᠷᠭᠠᠯᠲᠤ ᠤᠰᠤ᠂ ᠴᠢᠨᠠᠷ ᠰᠠᠶᠢᠲᠠᠢ ᠤᠰᠤ᠂ ᠰᠠᠨᠠᠭ᠎ᠠ ᠠᠮᠤᠷ ᠤᠰᠤ︾ ᠢᠳᠡᠭᠦᠯᠵᠡᠢ᠃
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ