ᠲᠤᠮᠳᠠᠳᠤ ᠤᠯᠤᠰ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠪᠠᠶᠢᠭᠤᠯᠤᠭᠳᠠᠭᠰᠠᠨ 120 ᠵᠢᠯ ᠤᠨ ᠤᠢ ᠶᠢ ᠪᠡᠯᠭᠡᠯᠡᠬᠦ ᠵᠢᠴᠢ ᠦᠤᠰᠢᠨ ᠬᠤᠰᠢᠭᠤᠨ ᠤ 2024 ᠤᠨ ᠤ ︽ᠤᠯᠠᠭᠠᠨ ᠵᠠᠭᠠᠯᠮᠠᠶᠢᠳᠠᠨ ᠤ ᠲᠦᠭᠡᠮᠡᠯ ᠬᠠᠶᠢᠷ᠎ᠠ ᠶᠢᠨ ᠭᠠᠷᠠᠭ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2024/5/10
      5 ᠰᠠᠷ᠎ᠠ ᠶᠢᠨ 7 ᠤ ᠡᠳᠦᠷ᠂ ᠳᠤᠮᠳᠠᠳᠤ ᠤᠯᠤᠰ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠪᠠᠶᠢᠭᠤᠯᠤᠭᠳᠠᠭᠰᠠᠨ 120 ᠵᠢᠯ ᠤᠨ ᠣᠶ ᠶᠢ ᠪᠡᠯᠭᠡᠯᠡᠬᠦ ᠵᠢᠴᠢ ᠦᠦᠰᠢᠨ ᠬᠤᠰᠢᠭᠤᠨ ᠤ 2024 ᠣᠨ ᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾ ᠤᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠰᠣᠪᠤᠷᠭ᠎ᠠ ᠠᠭᠤᠳᠠᠮ ᠲᠠᠯᠠᠪᠠᠶ ᠳᠤ ᠶᠠᠪᠤᠭᠳᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠸᠠᠩ ᠵᠢᠶᠤᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠤᠯᠠᠭᠠᠨ᠂ ᠬᠤᠰᠢᠭᠤ ᠳᠡᠳ᠋ ᠳᠠᠷᠤᠭ᠎ᠠ ᠹᠠᠨ ᠴᠦᠨ ᠬᠤᠶ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ ᠳᠡᠳ᠋ ᠲᠡᠷᠢᠭᠦᠯᠡᠭᠴᠢ ᠭᠤᠤ ᠴᠢᠶᠠᠩ ᠶᠢᠩ ᠵᠢᠴᠢ ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠠᠵᠢᠯᠯᠠᠭ᠎ᠠ ᠳᠤ ᠤᠷᠤᠯᠴᠠᠪᠠ᠃ 
1.jpg
       ᠡᠬᠢᠯᠡᠯᠲᠡ ᠶᠢᠨ ᠶᠣᠰᠣᠯᠠᠯ ᠳᠡᠭᠡᠷ᠎ᠡ᠂ ᠸᠠᠩ ᠵᠢᠶᠤᠤ ᠠᠴᠠ ᠦᠦᠰᠢᠨ ᠬᠤᠰᠢᠭᠤᠨ ᠤ 2024 ᠣᠨ ᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢᠨ ᠭᠠᠷᠠᠭ︾ ᠤᠨ ᠠᠵᠢᠯᠯᠠᠭ᠎ᠠ ᠵᠢᠩᠬᠢᠨᠢ ᠪᠠᠷ ᠡᠬᠢᠯᠡᠭᠰᠡᠨ ᠢ ᠵᠠᠷᠯᠠᠵᠤ᠂ ᠾᠧ ᠤᠯᠠᠭᠠᠨ ︽ᠦᠦᠰᠢᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠠᠮᠢ ᠨᠠᠰᠤᠨ ᠤ ᠠᠮᠤᠷ ᠲᠦᠪᠰᠢᠨ ᠤ ᠬᠥᠮᠦᠵᠢᠯ ᠤᠨ ᠰᠠᠭᠤᠷᠢᠨ ᠭᠠᠵᠠᠷ︾ ᠤᠨ ᠫᠠᠶᠢᠰᠠ ᠶᠢ ᠰᠡᠬᠦᠵᠦ᠂ ᠹᠠᠨ ᠴᠦᠨ ᠬᠤᠶ ᠡᠬᠢᠯᠡᠯᠲᠡ ᠶᠢᠨ ᠶᠣᠰᠣᠯᠠᠯ ᠳᠡᠭᠡᠷ᠎ᠡ ᠪᠠᠶᠠᠷ ᠤᠨ ᠥᠭᠡ ᠭᠡᠯᠡᠵᠤ᠂ ᠭᠤᠤ ᠴᠢᠶᠠᠩ ᠶᠢᠩ ᠬᠤᠰᠢᠭᠤ ᠤᠯᠠᠭᠠᠨ ᠵᠠᠭᠠᠯᠮᠠᠶᠢᠲᠠᠨ ᠤ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠠᠩᠭᠢ ᠳᠤ ᠲᠤᠭ ᠣᠯᠭᠤᠭᠰᠠᠨ ᠪᠠᠶᠢᠨ᠎ᠠ᠃ ᠠᠵᠢᠯᠯᠠᠭᠠᠨ ᠲᠡᠭᠡᠷ᠎ᠡ ᠪᠠᠰᠠ ᠬᠡᠰᠡᠭ ᠬᠦᠴᠢᠷᠳᠡᠯᠲᠡᠶ ᠬᠡᠷ ᠪᠦᠯᠢ ᠪᠠ ᠰᠤᠷᠤᠭᠴᠢᠳ ᠲᠤ ᠳᠡᠮᠵᠢᠯᠭᠡ ᠶᠢᠨ ᠮᠥᠩᠭᠦ ᠲᠠᠷᠬᠠᠭᠠᠵᠤ᠂ ᠬᠤᠰᠢᠭᠤ ᠬᠥᠳᠡᠭᠡ ᠲᠣᠰᠬᠤᠨ ᠤ ᠢᠲᠡᠭᠡᠮᠵᠢ ᠶᠢᠨ ᠬᠤᠯᠪᠣᠭᠠᠲᠤ ᠬᠤᠷᠰᠢᠶ᠎ᠠ ᠠᠴᠠ ᠬᠤᠰᠢᠭᠤ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ 54.94 ᠲᠦᠮᠡᠨ ᠲᠥᠭᠦᠷᠢᠭ ᠬᠠᠨᠳᠢᠪᠯᠠᠭᠰᠠᠨ ᠪᠠᠶᠢᠨ᠎ᠠ᠃ 
2.jpg
       ᠲᠣᠬᠠᠢ ᠶᠢᠨ ᠲᠠᠯᠠᠪᠠᠢ ᠳᠤ᠂ ︽ᠲᠥᠷᠭᠡᠨ ᠠᠪᠤᠷᠠᠯᠳᠠ ᠲᠡᠷᠭᠡᠳᠠ ᠴᠢᠨᠢ + ᠠᠮᠢ ᠨᠠᠰᠤᠨ ᠤ ᠬᠥᠮᠦᠵᠢᠯ︾ ᠤᠨ ᠮᠡᠳᠡᠯᠭᠡ ᠶᠢᠨ ᠪᠣᠯᠪᠠᠰᠤᠷᠠᠯ ᠪᠠ ︽ᠭᠠᠮᠰᠢᠭ ᠢ ᠰᠠᠷᠭᠡᠶᠢᠯᠠᠨ ᠭᠠᠮᠰᠢᠭ ᠢ ᠪᠠᠭᠠᠰᠬᠠᠬᠤ + ᠠᠮᠢ ᠨᠠᠰᠤᠨ ᠤ ᠬᠥᠮᠦᠵᠢᠯ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠠᠵᠢᠯᠲᠠᠳ ᠠᠴᠠ ᠲᠦᠷᠭᠡᠨ ᠠᠪᠤᠷᠠᠯᠲᠠ ᠶᠢᠨ ᠥᠪᠠᠷ ᠢ ᠪᠠᠨ ᠠᠪᠤᠷᠠᠬᠤ ᠠᠷᠭ᠎ᠠ ᠶᠢ ᠵᠢᠱᠢᠶ᠎ᠡ ᠦᠵᠡᠭᠦᠯᠦᠨ ᠲᠠᠶᠢᠯᠪᠤᠷᠢᠯᠡᠵᠦ᠂ ᠣᠯᠠᠨ ᠲᠦᠮᠡᠨ ᠤ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠪᠠ ᠥᠪᠡᠷ ᠢ ᠪᠠᠨ ᠠᠪᠤᠷᠠᠬᠤ ᠪᠣᠰᠤᠳ ᠢ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠭᠰᠡᠨ ᠪᠠᠶᠢᠨ᠎ᠠ᠃ ᠰᠠᠶᠢᠨ ᠳᠤᠷ᠎ᠠ ᠶᠢᠨ ᠦᠢᠯᠡᠴᠢᠯᠡᠭᠴᠢᠳ ᠠᠴᠠ ᠪᠠᠰᠠ ᠤᠯᠠᠨ ᠲᠦᠮᠡᠨ ᠳᠤ ᠴᠢᠰᠤ ᠪᠦᠲᠦᠭᠡᠬᠦ ᠭᠤᠣᠯ ᠡᠰ ᠤᠨ ᠳᠠᠩᠰᠠᠯᠠᠯᠲᠠ ᠵᠡᠷᠭᠡ ᠶᠢᠨ ᠠᠵᠢᠯ ᠢ ᠬᠢᠵᠦ᠂ ᠨᠠᠷᠢᠨ ᠭᠡᠳᠡᠰᠦᠨ ᠤ ᠥᠮᠡᠨ ᠢ ᠰᠢᠭᠰᠢᠨ ᠪᠠᠶᠢᠴᠠᠭᠠᠵᠤ ᠦᠯᠢᠭᠡᠷ ᠠᠪᠬᠤ ᠮᠠᠰᠢᠨ᠂ ᠭᠠᠮᠰᠢᠭ ᠢ ᠰᠡᠷᠭᠡᠶᠢᠯᠡᠨ ᠠᠶᠤᠯ ᠠᠴᠠ ᠵᠠᠶᠢᠯᠠᠬᠤ ᠤᠬᠠᠭᠤᠯᠭ᠎ᠠ ᠶᠢᠨ ᠳᠡᠪᠲᠡᠷ ᠵᠡᠷᠭᠡ ᠶᠢ ᠲᠠᠷᠬᠠᠭᠠᠨ᠂ ᠤᠯᠠᠨ ᠲᠦᠮᠡᠨ ᠤ ᠴᠢᠰᠤᠨ ᠳᠠᠷᠤᠯᠲᠠ᠂ ᠴᠢᠰᠤᠨ ᠰᠢᠬᠢᠷ ᠢ ᠰᠦᠢᠳᠬᠡᠯ ᠦᠭᠡᠢ ᠪᠠᠷ ᠪᠠᠶᠢᠴᠠᠭᠠᠨ ᠰᠢᠯᠭᠠᠵᠤ᠂ ᠠᠷᠠᠳ ᠲᠤ ᠲᠦᠬᠦᠮ ᠦᠵᠡᠭᠦᠯᠦᠭᠰᠡᠨ ᠪᠠᠶᠢᠨ᠎ᠠ᠃
3.jpg
      ᠲᠠᠷᠠᠭᠠᠴᠢ ᠶᠢᠨ ᠠᠯᠬᠤᠮ ᠳᠤ᠂ ᠬᠤᠰᠢᠭᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠨᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠭᠤᠤᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠥᠢᠯᠡᠴᠢᠯᠠᠨ ᠨᠠᠮ ᠪᠠ ᠵᠠᠰᠠᠭ ᠤᠨ ᠣᠷᠳᠣᠨ ᠤ ᠣᠯᠠᠨ ᠲᠦᠮᠡᠨ ᠲᠠᠢ ᠬᠠᠷᠢᠯᠴᠠᠨ ᠤᠯᠠᠨ ᠲᠥᠮᠡᠨ ᠳᠤ ᠥᠢᠯᠡᠴᠢᠯᠠᠭᠦ ᠬᠥᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠢᠭᠲᠠᠷᠠᠯ ᠤᠨ ᠬᠦᠴᠦᠨ᠂ ᠨᠥᠯᠥᠭᠡᠯᠡᠬᠦ ᠬᠦᠴᠦᠨ ᠪᠠ ᠢᠲᠡᠭᠡᠭᠦᠯᠬᠦ ᠬᠦᠴᠦᠨ ᠪᠥᠭᠦᠢ ᠣᠯᠠᠨ ᠲᠦᠮᠡᠨ ᠤ ᠳᠡᠷᠭᠡᠳᠡᠬᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠴᠢᠷᠮᠠᠶᠢᠨ ᠪᠠᠶᠢᠭᠤᠯᠵᠤ᠂ ᠨᠣᠮᠢᠨ ᠲᠠᠩᠰᠤᠭ ᠦᠦᠰᠢᠨ ᠤ ᠴᠢᠨᠠᠷ ᠰᠠᠶᠢᠲᠠᠶ ᠬᠥᠭᠵᠢᠯᠲᠡ ᠶᠢ ᠠᠭᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃ 
4.jpg
       
ᠢᠷᠡᠯᠲᠡ᠄ ᠥᠥᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ