ᠮᠠᠨ ᠤ ᠬᠤᠲᠠ 5.5 ᠳ᠋ᠦᠩᠰᠢᠭᠤᠷ ᠲᠦᠭᠦᠷᠢᠭ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠪᠠᠭᠤᠯᠭᠠᠪᠠ
ᠨᠡᠶᠢᠲᠡᠯᠡᠭᠰᠡᠨ ᠴᠠᠭ᠄
2024/5/11
      ᠡᠨᠡ ᠵᠢᠯ᠂ ᠤᠷᠳᠤᠰ ᠬᠤᠲᠠ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠤᠯᠤᠰ ᠠᠴᠠ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠤᠳᠤᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠮᠥᠩᠭᠦ ᠶᠢ ︽ᠨᠢᠭᠡ ᠺᠠᠷᠲ︾ ᠲᠤ ᠲᠠᠷᠬᠠᠭᠠᠬᠤ ᠠᠵᠢᠯ ᠢ ᠰᠠᠶᠢᠲᠤᠷ ᠬᠢᠪᠡ᠃ ᠤᠳᠤᠬᠠᠨ ᠪᠤᠯᠲᠠᠯ᠎ᠠ᠂ ᠪᠦᠬᠦ ᠬᠤᠲᠠ ᠳᠤ ᠨᠢᠭᠡᠨᠲᠡ 5.5 ᠳ᠋ᠦᠩᠰᠢᠭᠤᠷ ᠲᠦᠭᠦᠷᠢᠭ ᠤᠨ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠮᠥᠩᠭᠦ ᠶᠢ ᠤᠷᠢᠳᠴᠢᠯᠠᠨ ᠪᠠᠭᠤᠯᠭᠠᠪᠠ᠃     ᠣᠶᠢᠯᠭᠠᠭᠰᠠᠨ ᠢᠶᠠᠷ᠂ ᠤᠳᠤᠬᠠᠨ ᠳᠤ᠂ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ ᠶᠢᠨ ᠲᠥᠷᠥᠯ ᠤᠨ ᠲᠥᠷᠥ ᠶᠢᠨ ᠪᠤᠳᠤᠯᠭ᠎ᠠ ᠳᠤ ᠭᠤᠤᠯᠳᠠᠭᠤ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠨᠥᠬᠦᠪᠦᠷᠢ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠦ ᠶᠢᠨ ᠬᠠᠷᠠᠯᠲᠠᠳᠤ ᠦᠨ᠎ᠡ ᠬᠠᠩᠰᠢ ᠶᠢᠨ ᠨᠥᠬᠦᠪᠦᠷᠢ᠂ ᠪᠤᠳᠠᠲᠠᠢ ᠠᠮᠤ ᠪᠤᠳᠠᠭ᠎ᠠ ᠲᠠᠷᠢᠭᠰᠠᠨ ᠲᠠᠷᠢᠶᠠᠴᠢᠳ ᠲᠤ ᠤᠯᠭᠤᠬᠤ ᠨᠢᠭᠡᠯᠡ ᠤᠳᠠᠭ᠎ᠠ ᠶᠢᠨ ᠴᠢᠨᠠᠷᠲᠠᠢ ᠨᠥᠬᠦᠪᠦᠷᠢ ᠵᠡᠷᠭᠡ ᠪᠠᠭᠲᠠᠵᠤ᠂ ᠨᠥᠬᠦᠪᠦᠷᠢ ᠶᠢᠨ ᠪᠠᠷᠢᠮᠵᠢᠶ᠎ᠠ ᠶᠢ ᠴᠦᠮ ᠡᠯ᠎ᠡ ᠬᠤᠰᠢᠭᠤ ᠲᠤᠭᠤᠷᠢᠭ ᠲᠤᠬᠠᠢ ᠶᠢᠨ ᠭᠠᠵᠠᠷ ᠤᠨ ᠪᠤᠳᠠᠲᠠᠢ ᠲᠠᠢ ᠪᠠᠨ ᠤᠶᠠᠯᠳᠤᠭᠤᠯᠤᠨ ᠲᠤᠭᠲᠠᠭᠠᠨ᠎ᠠ᠃     ᠲᠥᠪ ᠤᠨ ᠨᠢᠭᠡᠳᠦᠭᠡᠷ ᠲᠤᠭᠠᠲᠤ ᠪᠢᠴᠢᠭ ᠮᠠᠲ᠋ᠧᠷᠢᠶᠠᠯ ᠤᠨ ︽ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠭᠦᠯᠬᠦ︾ ᠪᠠᠶᠢᠷᠢᠯᠠᠭᠤᠯᠤᠯᠲᠠ ᠲᠤᠬᠢᠷᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠯ᠎ᠠ ᠪᠠᠷ᠂ ᠤᠷᠳᠤᠰ ᠬᠤᠲᠠ ᠢᠳᠡᠪᠬᠢᠲᠡᠢ ᠬᠥᠲᠡᠯᠥᠯᠴᠡᠵᠤ᠂ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ 2 ᠢᠨᠵᠧᠨᠧᠷᠢᠩ ᠢ ᠨᠠᠶᠢᠳᠠᠪᠤᠷᠢᠵᠢᠭᠤᠯᠵᠤ᠂ ᠢᠨᠵᠧᠨᠧᠷᠢᠩ ᠤᠨ ᠮᠤ᠋ ᠪᠦᠷᠢ ᠳᠤ 900 ᠲᠦᠭᠦᠷᠢᠭ ᠤᠨ ᠪᠡᠯᠡ ᠤᠷᠤᠭᠤᠯᠵᠤ᠂ ᠡᠭᠦᠨ ᠳᠤ ᠤᠯᠤᠰ ᠠᠴᠠ ᠮᠤ᠋ ᠪᠦᠷᠢ ᠳᠤ 300 ᠲᠦᠭᠦᠷᠢᠭ ᠨᠥᠬᠦᠪᠦᠷᠢᠯᠡᠨ᠂ ᠤᠷᠤᠨ ᠨᠤᠲᠤᠭ ᠪᠠ ᠤᠷᠤᠯᠴᠠᠭᠰᠠᠨ ᠭᠤᠤᠯ ᠴᠤᠭᠴᠠ ᠠᠴᠠ 600 ᠲᠦᠭᠦᠷᠢᠭ ᠪᠡᠯᠡ ᠤᠷᠤᠭᠤᠯᠪᠠ᠃ ᠪᠡᠯᠡ ᠮᠥᠩᠭᠦ ᠶᠢ ᠭᠤᠤᠯᠳᠠᠭᠤ ᠲᠠᠯᠠᠪᠠᠢ ᠨᠢᠭᠡᠴᠢ ᠶᠢᠨ ᠭᠠᠷᠤᠯᠲᠠ ᠶᠢ ᠳᠡᠭᠡᠭᠰᠢᠯᠡᠭᠦᠯᠬᠦ ᠳᠤ ᠬᠤᠯᠪᠤᠭᠳᠠᠬᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ᠂ ᠰᠠᠭᠤᠷᠢ ᠳᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠳᠤ ᠬᠡᠷᠡᠭᠯᠡᠨ᠎ᠡ᠃     ᠳᠠᠷᠠᠭᠠᠴᠢ ᠶᠢᠨ ᠠᠯᠬᠤᠮ ᠳᠤ᠂ ᠤᠷᠳᠤᠰ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠠᠴᠠ ᠲᠥᠷᠥ ᠶᠢᠨ ᠪᠤᠳᠤᠯᠭ᠎ᠠ᠂ ᠪᠡᠯᠡ ᠮᠥᠩᠭᠦ᠂ ᠲᠥᠷᠥᠯ ᠵᠦᠢᠯ ᠢ ᠡᠮᠬᠢᠯᠡᠨ ᠨᠡᠶᠢᠯᠡᠭᠦᠯᠬᠦ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠦᠢᠯᠡᠰ᠂ ᠲᠠᠷᠢᠶᠠᠯᠠᠩ ᠤᠨ ᠮᠡᠷᠭᠡᠵᠢᠯ᠂ ᠬᠦᠷᠦᠰᠦ ᠰᠢᠷᠤᠢ ᠶᠢᠨ ᠪᠤᠷᠳᠤᠭᠤᠷ᠂ ᠤᠷᠭᠤᠮᠠᠯ ᠤᠨ ᠬᠠᠮᠠᠭᠠᠯᠠᠯᠲᠠ ᠵᠡᠷᠭᠡ ᠡᠯ᠎ᠡ ᠰᠠᠯᠠᠭ᠎ᠠ ᠮᠦᠴᠢᠷ ᠤᠨ ᠬᠦᠴᠦᠨ ᠢ ᠨᠢᠭᠡᠳᠦᠯᠲᠡᠢ ᠲᠥᠯᠥᠪᠯᠡᠨ ᠳᠠᠶᠢᠴᠢᠯᠠᠵᠤ᠂ ᠲᠠᠯᠠᠪᠠᠢ ᠨᠢᠭᠡᠴᠢ ᠶᠢᠨ ᠤᠨᠠᠯᠲᠠ ᠶᠢ ᠨᠡᠮᠡᠭᠳᠡᠭᠦᠯᠦᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠤ᠂ 41 ᠲᠦᠮᠡᠨ ᠮᠤ᠋ ᠨᠢᠭᠡᠴᠢ ᠲᠠᠯᠠᠪᠠᠢ ᠶᠢᠨ ᠤᠨᠠᠯᠲᠠ  ᠶᠢ ᠳᠡᠭᠡᠭᠰᠢᠯᠡᠭᠦᠯᠬᠦ ᠵᠢᠱᠢᠶ᠎ᠡ ᠦᠵᠡᠭᠦᠯᠬᠦ ᠤᠷᠤᠨ ᠤ ᠡᠭᠦᠷᠭᠡ ᠶᠢ ᠪᠦᠬᠦ ᠬᠦᠴᠦᠨ ᠢᠶᠠᠷ ᠰᠠᠶᠢᠲᠤᠷ ᠪᠦᠲᠦᠭᠡᠨ ᠪᠠᠶᠢᠭᠤᠯᠵᠤ᠂ ᠤᠷᠳᠤᠰ ᠬᠤᠲᠠ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠶᠡᠭᠡ ᠬᠡᠪᠴᠢᠶᠡᠨ ᠤ ᠳᠡᠭᠡᠭᠰᠢᠯᠡᠯᠲᠡ ᠶᠢ ᠳᠠᠶᠢᠴᠢᠯᠠᠨ᠂ ᠤᠷᠳᠤᠰ ᠬᠤᠲᠠ ᠶᠢᠨ ᠠᠮᠤ ᠪᠤᠳᠠᠭᠠᠨ ᠤ ᠲᠠᠯᠠᠪᠠᠢ ᠨᠢᠭᠡᠴᠢ ᠶᠢᠨ ᠤᠨᠠᠯᠲᠠ ᠪᠠ ᠶᠡᠷᠦᠩᠭᠡᠢ ᠤᠨᠠᠯᠲᠠ ᠶᠢᠨ ᠳᠠᠬᠢᠨᠲᠠ ᠰᠢᠨ᠎ᠡ ᠲᠡᠮᠳᠡᠭᠯᠡᠯ ᠡᠭᠦᠳᠬᠦ ᠶᠢ ᠠᠬᠢᠭᠤᠯᠤᠨ᠎ᠠ᠃ 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ