27᠎ ᠠᠴᠠ ᠡᠬᠢᠯᠡᠨ ᠬᠥᠬᠡᠬᠤᠲᠠ ᠠᠴᠠ ᠰᠢᠶᠠᠩᠭᠠᠩ ᠣᠣᠮᠧᠨ ᠳᠤ ᠬᠦᠷᠬᠦ ᠳᠤ ᠨᠡᠩ ᠳᠥᠭᠦᠮ ᠪᠤᠯᠤᠨ᠎ᠠ
ᠨᠡᠶᠢᠲᠡᠯᠡᠭᠰᠡᠨ ᠴᠠᠭ᠄
2024/5/13
      ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠯᠢ ᠪᠠᠷ ᠤᠷᠤᠵᠤ ᠭᠠᠷᠬᠤ ᠬᠠᠮᠢᠶᠠᠷᠤᠯᠲᠠ ᠶᠢᠨ ᠲᠤᠪᠴᠢᠶ᠎ᠠ ᠥᠨᠥᠳᠥᠷ ᠠᠯᠪᠠᠨ ᠵᠠᠷᠯᠠᠯ ᠨᠡᠶᠢᠲᠡᠯᠡᠵᠤ᠂ 2024 ᠤᠨ ᠤ 5 ᠰᠠᠷ᠎ᠠ ᠶᠢᠨ 27᠎ ᠤ ᠡᠳᠦᠷ ᠠᠴᠠ ᠡᠬᠢᠯᠡᠨ᠂ ᠳᠠᠶᠢᠶᠤᠸᠠᠨ᠂ ᠬᠥᠬᠡᠬᠤᠲᠠ᠂ ᠬᠠᠷᠪᠢᠨ᠂ ᠯᠾᠠᠰᠠ᠂ ᠯᠠᠨᠵᠧᠦ᠂ ᠰᠢᠨᠢᠩ᠂ ᠢᠷᠭᠠᠢ᠂ ᠦᠷᠦᠮᠴᠢ ᠵᠡᠷᠭᠡ 8 ᠬᠤᠲᠠ ᠶᠢᠨ ᠨᠥᠬᠦᠴᠡᠯ ᠳᠤ ᠨᠡᠶᠢᠴᠡᠬᠦ ᠬᠦᠮᠦᠰ ᠤᠨ ᠰᠢᠶᠠᠩᠭᠠᠩ ᠣᠣᠮᠧᠨ ᠳᠤ ᠬᠦᠷᠬᠦ ︽ᠬᠤᠪᠢ ᠬᠦᠮᠦᠨ ᠤ ᠵᠢᠭᠤᠯᠴᠢᠯᠠᠯ ᠤᠨ ᠵᠥᠪᠰᠢᠶᠡᠷᠡᠯ︾᠎ ᠤᠨ ᠭᠠᠷᠳᠠᠮ ᠢ ᠭᠦᠢᠴᠡᠳᠬᠡᠬᠦ ᠪᠠᠷ ᠲᠤᠭᠲᠠᠪᠠ᠃      27᠎ ᠤ ᠡᠳᠦᠷ ᠠᠴᠠ ᠡᠬᠢᠯᠡᠨ᠂ ᠳᠡᠭᠡᠷ᠎ᠡ ᠳᠤᠷᠠᠳᠤᠭᠰᠠᠨ 8 ᠬᠤᠲᠠ ᠶᠢᠨ ᠡᠷᠦᠬᠡ ᠠᠮᠠ ᠶᠢᠨ ᠬᠠᠷᠢᠶ᠎ᠠ ᠲᠠᠢ ᠰᠠᠭᠤᠭᠠᠯᠢ ᠠᠷᠠᠳ ᠵᠢᠴᠢ ᠤᠷᠤᠰᠢᠨ ᠰᠠᠭᠤᠬᠤ ᠦᠨᠡᠮᠯᠡᠯ ᠲᠠᠢ ᠬᠦᠮᠦᠨ ᠲᠤᠬᠠᠢ ᠶᠢᠨ ᠭᠠᠵᠠᠷ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠤᠷᠤᠵᠤ ᠭᠠᠷᠬᠤ ᠶᠢ ᠬᠠᠮᠢᠶᠠᠷᠬᠤ ᠴᠤᠩᠬᠤ ᠪᠤᠶᠤ ᠤᠶᠤᠨᠳᠦ ᠳᠥᠬᠦᠭᠡᠷᠦᠮᠵᠢ ᠳᠤ ᠭᠤᠶᠤᠴᠢᠯᠠᠯ ᠢᠶᠠᠨ ᠲᠤᠰᠢᠶᠠᠵᠤ᠂ ︽ᠬᠤᠪᠢ ᠬᠦᠮᠦᠨ ᠤ ᠵᠢᠭᠤᠯᠴᠢᠯᠠᠯ ᠤᠨ ᠵᠥᠪᠰᠢᠶᠡᠷᠡᠯ︾ ᠪᠤᠶᠤ ︽ᠪᠦᠯᠬᠦᠮ ᠨᠡᠶᠢᠲᠡ ᠶᠢᠨ ᠵᠢᠭᠤᠯᠴᠢᠯᠠᠯ ᠤᠨ ᠵᠥᠪᠰᠢᠶᠡᠷᠡᠯ︾᠎ ᠤᠨ ᠭᠠᠷᠳᠠᠮ ᠢ ᠭᠦᠢᠴᠡᠳᠬᠡᠵᠤ ᠪᠤᠯᠤᠨ᠎ᠠ᠃ ᠰᠢᠶᠠᠩᠭᠠᠩ ᠳᠤ ᠬᠦᠷᠬᠦ ᠵᠥᠪᠰᠢᠶᠡᠷᠡᠯ ᠢ 3 ᠰᠠᠷ᠎ᠠ ᠳᠤ ᠨᠢᠭᠡ ᠤᠳᠠᠭ᠎ᠠ᠂ 3 ᠰᠠᠷ᠎ᠠ ᠳᠤ ᠬᠤᠶᠠᠷ ᠤᠳᠠᠭ᠎ᠠ᠂ 1 ᠵᠢᠯ ᠳᠤ ᠨᠢᠭᠡ ᠤᠳᠠᠭ᠎ᠠ᠂ 1 ᠵᠢᠯ ᠳᠤ ᠬᠤᠶᠠᠷ ᠤᠳᠠᠭ᠎ᠠ ᠪᠠᠷ ᠵᠢᠷᠤᠭᠤᠯᠵᠤ ᠪᠤᠯᠤᠨ᠎ᠠ︔ ᠣᠣᠮᠧᠨ ᠳᠤ ᠬᠦᠷᠬᠦ ᠵᠥᠪᠰᠢᠶᠡᠷᠡᠯ ᠢ 3 ᠰᠠᠷ᠎ᠠ ᠳᠤ ᠨᠢᠭᠡ ᠤᠳᠠᠭ᠎ᠠ᠂ 1 ᠵᠢᠯ ᠳᠤ ᠨᠢᠭᠡ ᠤᠳᠠᠭ᠎ᠠ ᠪᠠᠷ ᠵᠢᠷᠤᠭᠤᠯᠵᠤ ᠪᠤᠯᠤᠨ᠎ᠠ᠃ ᠭᠠᠷᠳᠠᠮ ᠭᠦᠢᠴᠡᠳᠬᠡᠭᠰᠡᠨ ᠤᠳᠠᠭ᠎ᠠ ᠪᠦᠷᠢ ᠰᠢᠶᠠᠩᠭᠠᠩ ᠪᠤᠶᠤ ᠣᠣᠮᠧᠨ ᠳᠤ ᠰᠠᠭᠤᠬᠤ ᠬᠤᠭᠤᠴᠠᠭ᠎ᠠ ᠨᠢ 7 ᠡᠳᠦᠷ ᠠᠴᠠ ᠬᠡᠲᠦᠷᠡᠵᠤ ᠪᠤᠯᠬᠤ ᠦᠭᠡᠢ᠃ 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠤᠨᠢᠨ ᠤ ᠸᠢᠴᠠᠲ ᠳᠠᠪᠴᠠᠩ