ᠮᠠᠨ ᠤ ᠣᠷᠣᠨ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠦᠨ᠎ᠡ
ᠨᠡᠶᠢᠲᠡᠯᠡᠭᠰᠡᠨ ᠴᠠᠭ᠄
2024/5/15
     ᠮᠠᠨ ᠤ ᠣᠷᠣᠨ ᠪᠦᠭᠦ ᠲᠠᠯ᠎ᠠ ᠪᠠᠷ ᠬᠥᠭᠵᠢᠭᠰᠡᠨ ᠰᠢᠨ᠎ᠡ ᠴᠠᠭ ᠦᠶ᠎ᠡ ᠶᠢᠨ ᠵᠠᠯᠭᠠᠮᠵᠢᠯᠠᠭᠴᠢ ᠶᠢ ᠬᠥᠭᠵᠢᠭᠦᠯᠬᠦ ᠪᠠᠷ ᠬᠠᠷᠠᠯᠲᠠ ᠪᠤᠯᠭᠠᠵᠤ᠂ ᠵᠠᠯᠠᠭᠤᠴᠤᠳ ᠪᠠᠭᠠᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠪᠠᠷ ᠭᠤᠣᠯᠳᠠᠯᠭ᠎ᠠ ᠪᠤᠯᠭᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠠᠭᠤᠰᠤᠯᠴᠠᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠪᠦᠳᠦᠮᠵᠢᠳᠡᠢ ᠠᠮᠵᠢᠯᠲᠠ ᠣᠯᠵᠤ ᠪᠠᠶᠢᠨ᠎ᠠ᠃     ᠺᠯᠦ᠋ᠪ ᠪᠡᠶ᠎ᠡ ᠶᠢᠨ ᠲᠠᠮᠢᠷ ᠤᠨ ᠰᠤᠷᠭᠠᠭᠤᠯᠢ ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠠᠬᠢᠭᠤᠯᠪᠠ     ᠪᠡᠶ᠎ᠡ ᠶᠢᠨ ᠲᠠᠮᠢᠷ ᠤᠨ ᠲᠥᠷᠥᠯ ᠵᠦᠢᠯ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠪᠣᠯ ᠮᠠᠨ ᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠤᠨ ᠴᠢᠬᠤᠯᠠ ᠭᠠᠷᠳᠠᠴᠠ ᠪᠣᠯᠣᠨ᠎ᠠ᠃ 2024 ᠣᠨ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠦᠷᠭᠦᠯᠵᠢᠯᠡᠨ ᠬᠠᠮᠵᠢᠯᠴᠠᠨ᠂ ᠨᠥᠬᠦᠴᠡᠯ ᠡᠭᠦᠳᠦᠨ ᠲᠠᠪᠴᠠᠩ ᠪᠠᠶᠢᠭᠤᠯᠵᠤ᠂ ᠪᠡᠶ᠎ᠡ ᠶᠢᠨ ᠲᠠᠮᠢᠷ ᠤᠨ ᠺᠯᠦ᠋ᠪ ᠪᠠ ᠪᠡᠶ᠎ᠡ ᠶᠢᠨ ᠲᠠᠮᠢᠷ ᠤᠨ ᠰᠤᠷᠭᠠᠭᠤᠯᠢ ᠬᠢᠭᠡᠳ ᠳᠤᠮᠳᠠᠳᠤ ᠪᠠᠭ᠎ᠠ ᠰᠤᠷᠭᠠᠭᠤᠯᠢ ᠶᠢᠨ ᠬᠠᠮᠲᠤᠷᠠᠯᠴᠠᠭ᠎ᠠ ᠶᠢ ᠦᠷᠭᠦᠯᠵᠢᠯᠡᠨ ᠴᠢᠩᠭᠠᠳᠬᠠᠪᠠ᠃ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠭᠦ ᠺᠯᠦ᠋ᠪ ᠨᠢᠭᠡ ᠪᠦᠷᠢ ᠶᠢ1 ᠪᠠᠭ᠎ᠠ ᠰᠤᠷᠭᠠᠭᠤᠯᠢ᠂ 1ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ 1ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠎ ᠯᠤᠭ᠎ᠠ ᠵᠣᠯᠭᠠᠭᠤᠯᠬᠤ ᠪᠠᠷ ᠴᠢᠷᠮᠠᠶᠢᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠨᠢᠭᠡ ᠪᠦᠷᠢ ᠶᠢ 1 ᠪᠠᠭ᠎ᠠ ᠰᠤᠷᠭᠠᠭᠤᠯᠢ᠂ 1 ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠪᠤᠶᠤ 1ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠬᠠᠮᠲᠤᠷᠠᠯᠴᠠᠭᠤᠯᠤᠨ ᠲᠤᠰᠬᠠᠢ ᠮᠡᠷᠭᠡᠵᠢᠯ ᠤᠨ ᠪᠣᠯᠪᠠᠰᠤᠷᠠᠯ᠂ ᠤᠷᠤᠯᠳᠤᠭᠠᠨ ᠵᠡᠷᠭᠡ ᠶᠢ ᠥᠷᠨᠢᠭᠦᠯᠬᠦ ᠶᠢ ᠠᠬᠢᠭᠤᠯᠵᠤ ᠪᠤᠢ᠃     ᠡᠭᠦᠨ ᠤ ᠲᠤᠯᠠᠳᠠ᠂ ᠮᠠᠨ ᠤ ᠣᠷᠣᠨ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠵᠢᠱᠢᠶ᠎ᠡ ᠦᠵᠡᠭᠦᠯᠭᠦ ᠺᠯᠦ᠋ᠪ ᠤᠨ ︽ᠰᠤᠷᠭᠠᠨ ᠬᠥᠮᠦᠵᠢᠯ ᠢ ᠳᠡᠮᠵᠢᠬᠦ ᠲᠥᠯᠥᠪᠯᠡᠭᠡ︾ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠤ︽ᠬᠤᠯᠪᠤᠭᠠᠯᠠᠨ ᠬᠥᠳᠡᠯᠦᠯᠴᠡᠬᠦ ᠲᠥᠯᠥᠪᠯᠡᠭᠡ︾ ᠵᠡᠷᠭᠡ ᠣᠯᠠᠨ ᠵᠦᠢᠯ ᠤᠨ ᠠᠷᠭ᠎ᠠ ᠬᠡᠮᠵᠢᠶ᠎ᠡ ᠲᠣᠭᠲᠠᠭᠠᠪᠠ᠃ ︽ᠰᠤᠷᠭᠠᠨ ᠬᠥᠮᠦᠵᠢᠯ ᠢ ᠳᠡᠮᠵᠢᠬᠦ ᠲᠥᠯᠥᠪᠯᠡᠭᠡ︾᠎ ᠳᠤ᠂ ᠭᠦᠭᠡᠬᠤᠲᠠ᠂ ᠪᠤᠭᠤᠲᠤ᠂ ᠣᠷᠳᠣᠰ ᠬᠤᠲᠠ ᠶᠢᠨ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ ᠤ 100 ᠵᠢᠱᠢᠶ᠎ᠡ ᠦᠵᠡᠭᠦᠯᠭᠦ ᠺᠯᠦ᠋ᠪ ᠳᠤᠮᠳᠠ ᠠᠴᠠ ᠵᠣᠬᠢᠬᠤ ᠺᠯᠦ᠋ᠪ ᠢ ᠰᠢᠯᠢᠨ ᠰᠣᠩᠭᠤᠵᠤ ᠰᠤᠷᠭᠠᠭᠤᠯᠢ ᠶᠢ ᠬᠠᠪᠰᠤᠷᠤᠨ ᠣᠨᠴᠠᠯᠢᠭᠲᠤ ᠵᠢᠭᠠᠨ ᠰᠤᠷᠭᠠᠯᠲᠠ ᠶᠢ ᠥᠷᠨᠢᠭᠦᠯᠪᠡ᠃︽ᠬᠤᠯᠪᠤᠭᠠᠯᠠᠨ ᠬᠥᠳᠡᠯᠦᠯᠴᠡᠬᠦ ᠲᠥᠯᠥᠪᠯᠡᠭᠡ︾᠎ ᠳᠤ᠂ ᠨᠢᠭᠡ ᠲᠠᠯ᠎ᠠ ᠪᠠᠷ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠠᠴᠠ᠂ 73 ᠪᠡᠶ᠎ᠡ ᠶᠢᠨ ᠲᠠᠮᠢᠷ ᠤᠨ ᠰᠤᠷᠭᠠᠭᠤᠯᠢ ᠪᠣᠯᠣᠨ ᠳᠤᠮᠳᠠᠳᠤ ᠪᠠᠭ᠎ᠠ ᠰᠤᠷᠭᠠᠭᠤᠯᠢ ᠢᠯᠠᠩᠭᠤᠶ᠎ᠠ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠯᠤᠭ᠎ᠠ ᠶᠢᠨ ᠠᠵᠢᠯ ᠤᠨ ᠴᠢᠯᠦᠭᠡᠨ ᠤ ᠪᠣᠯᠪᠠᠰᠤᠷᠠᠯ ᠤᠨ ᠬᠠᠮᠲᠤᠷᠠᠯᠴᠠᠭ᠎ᠠ ᠶᠢ ᠠᠬᠢᠭᠤᠯᠵᠤ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠣᠨᠴᠠ ᠴᠢᠳᠠᠪᠤᠷᠢᠲᠠᠢ ᠰᠣᠷᠣᠬᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠪᠡᠶ᠎ᠡ ᠶᠢᠨ ᠲᠠᠮᠢᠷ ᠤᠨ ᠰᠤᠷᠭᠠᠭᠤᠯᠢ ᠳᠤ ᠣᠴᠢᠭᠤᠯᠤᠨ ᠬᠠᠮᠲᠤ ᠪᠠᠷ ᠪᠤᠯᠪᠠᠰᠤᠷᠠᠭᠤᠯᠬᠤ ᠶᠢᠨ ᠬᠠᠮᠲᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠳᠠᠰᠬᠠᠯᠵᠢᠭᠤᠯᠤᠭᠴᠢ ᠶᠢ ᠰᠤᠷᠭᠠᠭᠤᠯᠢ ᠳᠤ ᠣᠴᠢᠭᠤᠯᠤᠨ ᠲᠤᠰᠬᠠᠢ ᠪᠣᠯᠪᠠᠰᠤᠷᠠᠯ ᠬᠠᠩᠭᠠᠬᠤ ᠶᠢ ᠠᠬᠢᠭᠤᠯᠪᠠ᠃ ᠨᠥᠭᠦᠭᠡ ᠲᠠᠯ᠎ᠠ ᠪᠠᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠠᠴᠠ 35 ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠤ ᠰᠠᠭᠤᠷᠢᠨ ᠪᠣᠯᠣᠨ ᠣᠷᠣᠨ ᠪᠦᠰᠡ ᠶᠢᠨ ᠳᠣᠲᠣᠷᠠᠬᠢ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠯᠤᠭ᠎ᠠ ᠬᠠᠮᠲᠤᠷᠠᠯᠴᠠᠨ ᠣᠨᠴᠠᠯᠢᠭᠲᠤ ᠠᠩᠭᠢ ᠪᠠᠶᠢᠭᠤᠯᠬᠤ ᠶᠢ ᠠᠬᠢᠭᠤᠯᠵᠤ ᠪᠠᠶᠢᠨ᠎ᠠ᠃     ᠵᠠᠯᠠᠭᠤᠴᠤᠳ ᠪᠠᠭᠠᠴᠤᠳ ᠤᠨ︽ᠡᠷᠡᠭᠦᠯ ᠮᠡᠨᠳᠦ ᠶᠢ ᠠᠬᠢᠭᠤᠯᠬᠤ ᠲᠥᠯᠥᠪᠯᠡᠭᠡ︾᠎ ᠶᠢ ᠬᠡᠷᠡᠭᠵᠢᠭᠦᠯᠪᠡ     ᠥᠪᠡᠷᠲᠡᠭᠡᠨ ᠵᠠᠰᠠᠬᠤ ᠣᠷᠣᠨ ᠬᠡᠦᠬᠡᠳ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠠᠵᠢᠯᠯᠠᠭ᠎ᠠ ᠪᠠᠷ ᠠᠴᠢᠶᠠᠯᠠᠪᠤᠷᠢ ᠪᠤᠯᠭᠠᠵᠤ᠂ ᠵᠠᠯᠠᠭᠤᠴᠤᠳ ᠪᠠᠭᠠᠴᠤᠳ ᠤᠨ︽ᠡᠷᠡᠭᠦᠯ ᠮᠡᠨᠳᠦ ᠶᠢ ᠠᠬᠢᠭᠤᠯᠬᠤ ᠲᠥᠯᠥᠪᠯᠡᠭᠡ︾᠎ ᠶᠢ ᠶᠡᠭᠡ ᠪᠠᠷ ᠬᠡᠷᠡᠭᠵᠢᠭᠦᠯᠪᠡ᠃ ᠡᠨᠡ ᠵᠢᠯ ᠮᠠᠨ ᠤ ᠣᠷᠣᠨ ᠲᠣᠮᠣ ᠭᠡᠯᠪᠡᠷᠢ ᠶᠢᠨ ᠤᠷᠤᠯᠳᠤᠭᠠᠨ ᠤ ᠠᠵᠢᠯᠯᠠᠭ᠎ᠠ ᠶᠢ ᠨᠠᠭᠠᠲᠤ ᠵᠠᠬ᠎ᠠ ᠳᠠᠭᠠᠨ 200 ᠲᠠᠯᠠᠪᠠᠶ ᠶᠠᠪᠤᠭᠳᠠᠭᠤᠯᠬᠤ ᠶᠢ ᠪᠠᠲᠤᠯᠠᠵᠤ᠂ ᠵᠢᠱᠢᠯᠲᠡ ᠪᠠᠷ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢᠨ ᠤᠷᠤᠯᠳᠤᠭᠠᠨ ᠳᠤ ᠣᠷᠣᠯᠴᠠᠬᠰᠠᠨ ᠬᠥᠮᠥᠨ ᠤ ᠲᠤᠭ᠎ᠠ ᠨᠡᠶᠢᠲᠡ 200 ᠲᠦᠮᠡ ᠶᠢ ᠳᠠᠪᠠᠭ᠋ᠤ ᠪᠣᠯᠣᠨ᠎ᠠ᠃ ᠣᠶᠢᠯᠠᠭᠠᠭᠰᠠᠨ ᠢᠶᠠᠷ᠂ ᠪᠦᠭᠦ ᠵᠢᠯ ᠳᠤ ᠮᠠᠨ ᠤ ᠣᠷᠣᠨ ᠤ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ 100 ᠰᠤᠷᠭᠠᠭᠤᠯᠢ ᠲᠠᠢ ᠬᠠᠮᠲᠤᠷᠠᠨ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ᠂ ᠵᠠᠯᠠᠭᠤᠴᠤᠳ ᠪᠠᠭᠠᠴᠤᠳ ᠤᠨ ᠺᠯᠦ᠋ᠪ ᠤᠨ ᠬᠤᠯᠪᠣᠭᠠᠲᠤ ᠤᠷᠤᠯᠳᠤᠭᠠᠨ᠂ ᠨᠡᠶᠢᠲᠡ ᠶᠢᠨ ᠠᠰᠠᠷᠠᠮᠵᠢ ᠶᠢᠨ ᠵᠤᠰᠠᠯᠠᠩ ᠤᠨ ᠠᠵᠢᠯᠯᠠᠭ᠎ᠠ᠂︽ᠵᠠᠭᠤᠨ ᠲᠦᠮᠡᠨ ᠵᠠᠯᠠᠭᠤᠴᠤᠳ ᠪᠠᠭᠠᠴᠤᠳ ᠤᠨ ᠵᠠᠭᠤᠨ ᠰᠢᠶᠠᠨ ᠳᠠᠬᠢ ᠡᠷᠡᠭᠦᠯ ᠮᠡᠨᠳᠦ ᠶᠢᠨ ᠠᠶᠠᠯᠠᠯ︾᠎ ᠤᠨ ᠭᠤᠣᠯ ᠰᠡᠳᠦᠪᠲᠦ ᠠᠵᠢᠯᠯᠠᠭ᠎ᠠ᠂︽ᠰᠦᠷᠯᠢᠭ ᠰᠠᠶᠢᠬᠠᠨ ᠤᠮᠠᠷᠠᠲᠤ ᠬᠢᠯᠢ︾ ᠰᠢᠷᠢᠰ ᠤᠷᠤᠯᠳᠤᠭᠠᠨ ᠵᠡᠷᠭᠡ ᠶᠢ ᠡᠷᠭᠢᠯᠡᠭᠦ ᠪᠣᠯᠣᠨ᠎ᠠ᠃     ᠡᠭᠦᠨ ᠠᠴᠠ ᠭᠠᠳᠠᠨ᠎ᠠ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠬᠢᠨ ᠪᠠᠰᠠ ᠡᠷᠡᠭᠦᠯ ᠬᠠᠮᠠᠭᠠᠯᠠᠯ ᠡᠮ ᠡᠮᠨᠡᠯᠭᠡ ᠶᠢᠨ ᠰᠠᠯᠠᠭ᠎ᠠ ᠮᠥᠴᠢᠷ ᠪᠤᠶᠤ ᠡᠯ᠎ᠡ ᠲᠣᠮᠣ ᠡᠮᠨᠡᠯᠭᠡ ᠶᠢᠨ ᠬᠤᠷᠢᠶ᠎ᠠ ᠶᠢᠨ ᠪᠡᠶ᠎ᠡ ᠶᠢᠨ ᠲᠠᠮᠢᠷ ᠡᠷᠡᠭᠦᠯᠵᠢᠯ ᠤᠨ ᠰᠠᠯᠠᠭ᠎ᠠ ᠲᠠᠰᠤᠭ ᠤᠨ ᠬᠦᠴᠦᠨ ᠳᠤ ᠲᠦᠰᠢᠭᠯᠡᠨ᠂ ᠰᠤᠷᠭᠠᠭᠤᠯᠢ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠺᠯᠦ᠋ᠪ ᠪᠠ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠬᠤ ᠬᠤᠭᠤᠴᠠᠭᠠᠨ ᠳᠤ᠂ ᠬᠡᠦᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠳᠥᠷᠪᠡᠨ ᠲᠠᠰ ᠳᠠᠪᠬᠤᠷᠭ᠎ᠠ ᠬᠤᠪᠢᠶᠠᠵᠤ᠂ ᠵᠠᠯᠠᠭᠤᠴᠤᠳ ᠪᠠᠭᠠᠴᠤᠳ ᠤᠨ ᠮᠠᠷᠢᠶᠠᠯᠠᠬᠤ᠂ ᠣᠶᠢᠷ᠎ᠠ ᠬᠠᠷᠠᠭ᠎ᠠ ᠲᠠᠢ ᠪᠤᠯᠬᠤ ᠵᠡᠷᠭᠡ ᠳᠤ ᠪᠠᠶᠢᠴᠠᠭᠠᠯᠲᠠ ᠬᠢᠵᠦ᠂ ᠰᠤᠷᠤᠬᠴᠢᠳ ᠤᠨ ᠡᠷᠡᠭᠦᠯ ᠮᠡᠨᠳᠦ ᠶᠢᠨ ᠲᠤᠭ᠎ᠠ ᠪᠠᠷᠢᠮᠲᠠ ᠶᠢᠨ ᠲᠠᠩᠰᠠ ᠡᠪᠬᠡᠮᠡᠯ ᠢ ᠪᠠᠶᠢᠭᠤᠯᠵᠤ᠂ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠬᠥᠳᠡᠯᠭᠡᠭᠡᠨ ᠤ ᠲᠥᠯᠥᠪᠯᠡᠭᠡ ᠲᠣᠭᠲᠠᠭᠠᠨ᠎ᠠ᠃ ᠡᠭᠦᠨ ᠤ ᠬᠠᠮᠲᠤ᠂ ᠪᠠᠶᠢᠴᠠᠭᠠᠯᠲᠠ ᠶᠢᠨ ᠦᠷ᠎ᠡ ᠳ᠋ᠦᠩ ᠢ ᠪᠠᠰᠠ ᠰᠤᠷᠭᠠᠭᠤᠯᠢ ᠪᠠ ᠭᠡᠷ ᠤᠨ ᠠᠬᠠᠮᠠᠳ ᠲᠤ ᠬᠠᠷᠢᠭᠤ ᠲᠤᠰᠬᠠᠵᠤ᠂ ᠰᠤᠷᠭᠠᠭᠤᠯᠢ ᠶᠢᠨ ᠲᠠᠮᠢᠷ ᠤᠨ ᠪᠠᠭᠰᠢ ᠪᠠ ᠭᠡᠷ ᠤᠨ ᠠᠬᠠᠮᠠᠳ ᠠᠴᠠ ᠰᠤᠷᠤᠬᠴᠢᠳ ᠢ ᠬᠠᠪᠰᠤᠷᠴᠤ ᠲᠥᠯᠥᠪᠯᠡᠭᠡ ᠶᠣᠰᠣᠭᠠᠷ ᠪᠣᠯᠪᠠᠰᠤᠷᠠᠯ ᠢ ᠨᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠡᠦᠬᠡᠳ ᠵᠠᠯᠠᠭᠤᠴᠤᠳ ᠪᠠᠭᠠᠴᠤᠳ ᠤᠨ ᠪᠡᠶ᠎ᠡ ᠮᠠᠬᠠᠪᠤᠳ ᠤᠨ ᠡᠷᠡᠭᠦᠯ ᠴᠢᠭᠢᠷᠠᠭ ᠤᠨ ᠪᠠᠷᠢᠮᠵᠢᠶ᠎ᠠ ᠳᠤ ᠬᠦᠷᠦᠭᠦᠯᠬᠦ ᠨᠣᠷᠮ᠎ᠠ ᠶᠢ ᠦᠨᠡᠨ ᠬᠦ ᠳᠡᠭᠡᠭᠰᠢᠯᠡᠭᠦᠯᠦᠨ᠎ᠡ᠃     ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠪᠠᠶᠢᠭᠤᠯᠬᠤ ᠲᠥᠯᠥᠪᠯᠡᠭᠡ ᠶᠢ ᠠᠬᠢᠭᠤᠯᠪᠠ     ᠪᠦᠭᠦ ᠣᠷᠣᠨ ᠤ ᠲᠤᠰᠬᠠᠢ ᠲᠦᠷᠦᠯ ᠤᠨ ᠪᠡᠶ᠎ᠡ ᠶᠢᠨ ᠲᠠᠮᠢᠷ ᠤᠨ ᠪᠣᠯᠪᠠᠰᠤᠷᠠᠯ ᠳᠤ ᠣᠷᠤᠯᠴᠠᠬᠤ ᠵᠠᠯᠠᠭᠤᠴᠤᠳ ᠪᠠᠭᠠᠴᠤᠳ ᠤᠨ ᠡᠩᠨᠡᠭᠡ ᠶᠢ ᠲᠠᠰᠤᠷᠠᠯᠳᠠ ᠦᠭᠡᠢ ᠥᠷᠭᠡᠳᠬᠡᠵᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠬᠡᠪᠴᠢᠶ᠎ᠡ ᠶᠢ ᠥᠷᠭᠡᠳᠬᠡᠵᠦ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠰᠠᠭᠤᠷᠢ ᠶᠢ ᠪᠠᠬᠢᠵᠢᠭᠦᠯᠬᠦ ᠶᠢᠨ ᠲᠥᠯᠥᠭᠡ᠂ ᠮᠠᠨ ᠤ ᠣᠷᠣᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠪᠠᠶᠢᠭᠤᠯᠬᠤ ᠲᠥᠯᠥᠪᠯᠡᠭᠡ ᠲᠣᠭᠲᠠᠭᠠᠵᠤ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠬᠦᠴᠦᠷᠬᠡᠭ ᠰᠤᠷᠭᠠᠭᠤᠯᠢ ᠶᠢ 100 ᠪᠠᠶᠢᠭᠤᠯᠵᠤ᠂ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠵᠦ ᠰᠢᠯᠢᠨ ᠳᠡᠪᠰᠢᠭᠦᠯᠬᠦ ᠶᠢ ᠠᠬᠢᠭᠤᠯᠤᠨ᠎ᠠ᠃     ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠮᠲᠤᠷᠠᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠡᠭᠦᠳᠦᠨ ᠪᠠᠶᠢᠭᠤᠯᠵᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠤᠨ ᠬᠠᠷᠢᠭᠤᠴᠠᠨ ᠡᠭᠦᠳᠦᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠣᠨᠴᠠᠯᠢᠭᠲᠤ ᠰᠤᠷᠭᠠᠭᠤᠯᠢ ᠪᠣᠯᠣᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠡᠭᠦᠳᠦᠨ ᠪᠠᠶᠢᠭᠤᠯᠤᠭᠰᠠᠨ ᠪᠡᠶ᠎ᠡ ᠶᠢᠨ ᠲᠠᠮᠢᠷ ᠤᠨ ᠤᠯᠠᠮᠵᠢᠯᠠᠯᠲᠤ ᠰᠤᠷᠭᠠᠭᠤᠯᠢ ᠶᠢ ᠴᠡᠭᠴᠡᠯᠡᠨ ᠨᠡᠶᠢᠳᠬᠡᠵᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠭᠡᠵᠦ ᠬᠠᠯᠠᠪᠠ᠃ ᠣᠳᠣᠬᠠᠨ ᠤ ᠰᠤᠷᠭᠠᠭᠤᠯᠢ ᠨᠤᠭᠤᠳ ᠤᠨ ᠥᠷᠨᠢᠭᠦᠯᠵᠦ ᠪᠠᠶᠢᠭ᠎ᠠ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠰᠤᠷᠭᠠᠭᠤᠯᠢ ᠶᠢᠨ ᠰᠢᠯᠭᠠᠷᠠᠭᠤᠯᠬᠤ ᠬᠡᠪᠴᠢᠶ᠎ᠡ ᠪᠣᠯᠣᠨ ᠪᠡᠶ᠎ᠡ ᠶᠢᠨ ᠲᠠᠮᠢᠷ ᠤᠨ ᠣᠨᠴᠠᠯᠢᠭᠲᠤ ᠲᠥᠷᠥᠯ ᠵᠦᠢᠯ ᠢ ᠥᠷᠭᠡᠳᠬᠡᠵᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢᠨ ᠬᠠᠷᠢᠴᠠᠯ ᠢ ᠨᠡᠮᠡᠭᠳᠡᠭᠦᠯᠵᠦ ᠪᠤᠢ᠃     ᠥᠪᠡᠷᠲᠡᠭᠡᠨ ᠵᠠᠰᠠᠬᠤ ᠣᠷᠣᠨ ᠪᠠᠰᠠ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠰᠤᠷᠭᠠᠭᠤᠯᠢ ᠶᠢ ᠵᠢᠯᠣᠭᠤᠳᠤᠨ ᠰᠣᠶᠣᠯ ᠤᠨ ᠰᠤᠷᠤᠯᠴᠠᠯᠭ᠎ᠠ ᠪᠠ ᠪᠡᠶ᠎ᠡ ᠶᠢᠨ ᠲᠠᠮᠢᠷ ᠤᠨ ᠴᠢᠳᠠᠪᠤᠷᠢ ᠪᠠᠷ ᠨᠡᠯᠢᠶᠡᠳ ᠴᠢᠩᠭ᠎ᠠ ᠰᠣᠷᠣᠬᠴᠢ ᠶᠢ ᠰᠢᠯᠢᠨ ᠰᠣᠩᠭᠤᠵᠤ ᠣᠨᠴᠠᠯᠢᠭᠲᠤ ᠠᠩᠭᠢ᠂ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠠᠩᠭᠢ ᠶᠢ ᠡᠭᠦᠳᠦᠨ ᠪᠠᠶᠢᠭᠤᠯᠵᠤ᠂ ᠪᠣᠯᠪᠠᠰᠤᠷᠠᠯ ᠤᠨ ᠲᠥᠯᠥᠪᠯᠡᠭᠡ᠂ ᠪᠣᠯᠪᠠᠰᠤᠷᠠᠯ ᠤᠨ ᠣᠶᠢᠯᠠᠭᠠᠭᠳᠠᠬᠤᠨ᠂ ᠵᠢᠭᠠᠨ ᠰᠤᠷᠭᠠᠯᠲᠠ ᠤᠷᠤᠯᠳᠤᠭᠠᠨ ᠢ ᠨᠢᠭᠡᠳᠬᠡᠪᠡ᠃ ᠡᠭᠦᠨ ᠤ ᠬᠠᠮᠲᠤ ᠶᠢᠰᠦᠨ ᠵᠢᠯ ᠤᠨ ᠳᠦᠷᠢᠮᠲᠦ ᠰᠤᠷᠭᠠᠭᠤᠯᠢ ᠪᠠ ᠪᠠᠶᠢᠷᠢ ᠶᠢᠨ ᠳᠦᠷᠢᠮᠲᠦ ᠰᠤᠷᠭᠠᠭᠤᠯᠢ ᠶᠢ ᠤᠷᠢᠳ ᠢᠶᠠᠷ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠬᠦᠴᠦᠷᠬᠡᠭ ᠰᠤᠷᠭᠠᠭᠤᠯᠢ ᠪᠣᠯᠭᠠᠨ ᠬᠥᠭᠵᠢᠭᠦᠯᠵᠦ᠂ ᠬᠥᠮᠥᠨ ᠪᠣᠯᠭᠠᠨ ᠪᠡᠶ᠎ᠡ ᠶᠢᠨ ᠲᠠᠮᠢᠷ ᠤᠨ ᠲᠥᠷᠥᠯ ᠵᠦᠢᠯ ᠳᠤ ᠣᠷᠤᠯᠴᠠᠬᠤ᠂ ᠬᠥᠮᠥᠨ ᠪᠦᠭᠦᠨ ᠪᠡᠶ᠎ᠡ ᠶᠢᠨ ᠲᠠᠮᠢᠷ ᠤᠨ ᠮᠡᠷᠭᠡᠵᠢᠯ ᠴᠢᠳᠠᠪᠤᠷᠢ ᠶᠢ ᠡᠵᠡᠮᠰᠢᠬᠦ ᠬᠠᠷᠠᠯᠲᠠ ᠶᠢ ᠪᠡᠶᠡᠯᠡᠭᠦᠯᠵᠦ᠂ ᠪᠡᠶ᠎ᠡ ᠶᠢᠨ ᠲᠠᠮᠢᠷ ᠤᠨ ᠤᠯᠠᠮᠵᠢᠯᠠᠯᠲᠤ ᠣᠨᠴᠠᠯᠢᠭᠲᠤ ᠬᠦᠴᠦᠷᠬᠡᠭ ᠰᠤᠷᠭᠠᠭᠤᠯᠢ ᠶᠢ ᠪᠡᠶ᠎ᠡ ᠶᠢᠨ ᠲᠠᠮᠢᠷ ᠤᠨ ᠪᠣᠯᠪᠠᠰᠤᠷᠠᠯ ᠪᠠ ᠰᠣᠶᠣᠯ ᠤᠨ ᠵᠢᠭᠠᠨ ᠰᠤᠷᠭᠠᠯᠲᠠ ᠶᠢᠨ︽ᠬᠤᠣᠰ ᠲᠡᠷᠢᠭᠦᠨ ᠵᠡᠷᠭᠡ︾᠎ ᠶᠢᠨ ᠰᠤᠷᠭᠠᠭᠤᠯᠢ ᠪᠣᠯᠭᠠᠨ ᠪᠠᠶᠢᠭᠤᠯᠵᠤ᠂ ᠴᠢᠳᠠᠪᠤᠷᠢᠲᠠᠨ ᠢ ᠬᠥᠮᠥᠵᠢᠭᠦᠯᠬᠦ ᠪᠠ ᠲᠥᠷᠥᠯ ᠵᠦᠢᠯ ᠢ ᠲᠦᠭᠡᠮᠡᠯᠵᠢᠭᠦᠯᠬᠦ ᠬᠤᠣᠰ ᠴᠢᠭᠯᠡᠯ ᠤᠨ ᠦᠢᠯᠡᠳᠦᠯ ᠢ ᠪᠠᠳᠠᠷᠠᠭᠤᠯᠵᠤ ᠪᠠᠶᠢᠨ᠎ᠠ᠃     ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢᠨ ᠴᠢᠳᠠᠪᠤᠷᠢᠲᠠᠨ ᠢ ᠬᠥᠮᠥᠵᠢᠭᠦᠯᠬᠦ ᠶᠢ ᠴᠢᠩᠭᠠᠳᠬᠠᠪᠠ     ᠮᠠᠨ ᠤ ᠣᠷᠣᠨ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢ ᠲᠦᠭᠡᠮᠡᠯᠵᠢᠭᠦᠯᠬᠦ ᠪᠠᠷ ᠠᠷᠭ᠎ᠠ ᠵᠠᠮ ᠪᠤᠯᠭᠠᠵᠤ᠂ ᠪᠡᠶ᠎ᠡ ᠶᠢᠨ ᠲᠠᠮᠢᠷ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠵᠢᠯ ᠢ ᠭᠦᠨᠵᠡᠭᠡᠢ ᠠᠬᠢᠭᠤᠯᠵᠤ ᠪᠤᠢ᠃ ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠬᠠᠮᠲᠤᠷᠠᠨ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠤᠷᠤᠯᠳᠤᠭᠠᠨ ᠤ ᠲᠥᠯᠥᠪᠯᠡᠭᠡ ᠶᠢ ᠲᠣᠭᠲᠠᠭᠠᠵᠤ᠂ ᠨᠢᠭᠡᠳᠦᠯᠲᠡᠢ ᠳᠠᠩᠰᠠᠯᠠᠭᠤᠯᠵᠤ᠂ ᠨᠢᠭᠡᠳᠦᠯᠲᠡᠢ ᠤᠷᠤᠯᠳᠤᠭᠠᠨ ᠳᠤ ᠣᠷᠣᠯᠴᠠᠭᠤᠯᠤᠨ᠂ ᠲᠠᠮᠢᠷᠴᠢᠨ ᠤ ᠵᠡᠷᠭᠡ ᠳᠡᠰ ᠢ ᠨᠢᠭᠡᠳᠦᠯᠲᠡᠢ ᠭᠦᠢᠴᠡᠳᠬᠡᠵᠦ᠂ ᠪᠡᠶ᠎ᠡ ᠶᠢᠨ ᠲᠠᠮᠢᠷ ᠪᠠ ᠰᠤᠷᠭᠠᠨ ᠬᠥᠮᠦᠵᠢᠯ ᠤᠨ ᠳᠠᠩᠰᠠᠯᠠᠯᠲᠠ ᠬᠢᠬᠦ᠂ ᠤᠷᠤᠯᠳᠤᠭᠠᠨ ᠳᠤ ᠣᠷᠤᠯᠴᠠᠬᠤ᠂ ᠰᠢᠯᠭᠠᠷᠠᠭᠤᠯᠬᠤ ᠵᠠᠮ ᠢ ᠨᠠᠪᠲᠠᠷᠡᠭᠦᠯᠵᠦ᠂ ᠰᠠᠭᠠᠳ ᠦᠭᠡᠢ ᠪᠠᠷ ᠤᠷᠤᠯᠳᠤᠭᠠᠨ ᠳᠤ ᠣᠷᠤᠯᠴᠠᠬᠤ ᠶᠢ ᠪᠡᠶᠡᠯᠡᠭᠦᠯᠪᠡ᠃ ᠡᠭᠦᠨ ᠤ ᠬᠠᠮᠲᠤ ᠳᠡᠰ ᠳᠠᠪᠬᠤᠷᠭ᠎ᠠ ᠨᠢ ᠲᠣᠳᠣᠷᠬᠠᠢ᠂ ᠡᠮᠬᠢ ᠳᠢᠭᠯᠢᠮ ᠲᠠᠢ ᠤᠷᠤᠯᠳᠤᠭᠠᠨ ᠤ ᠰᠢᠰᠲ᠋ᠧᠮ ᠢ ᠪᠠᠶᠢᠭᠤᠯᠵᠤ᠂ ︽ᠣᠷᠭᠢᠯ ᠤᠨ ᠬᠤᠭᠤᠴᠠᠭ᠎ᠠ ᠶᠢ ᠵᠥᠷᠢᠭᠦᠯᠦᠨ ᠤᠷᠤᠯᠳᠤᠭᠠᠨ ᠡᠷᠭᠢᠯᠡᠭᠦ︾᠂︽ᠵᠥᠷᠢᠶ᠎ᠡ ᠲᠠᠢ ᠪᠠᠷ ᠤᠷᠤᠯᠳᠤᠭᠠᠨ ᠡᠷᠭᠢᠯᠡᠭᠦ︾᠎ ᠶᠢ ᠬᠠᠶᠢᠨ ᠰᠦᠪᠡᠭᠴᠢᠯᠡᠵᠦ᠂ ᠵᠠᠯᠠᠭᠤᠴᠤᠳ ᠪᠠᠭᠠᠴᠤᠳ ᠤᠨ ᠣᠷᠤᠯᠴᠠᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠵᠦ ᠪᠤᠢ᠃     ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠵᠠᠯᠠᠭᠤᠴᠤᠳ ᠪᠠᠭᠠᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠢ ᠲᠦᠷᠦᠭᠦᠯᠡᠨ ᠵᠣᠬᠢᠶᠠᠨ ᠪᠠᠶᠢᠭᠤᠯᠵᠤ᠂ ᠰᠤᠷᠭᠠᠭᠤᠯᠢ᠂ ᠪᠡᠶ᠎ᠡ ᠶᠢᠨ ᠲᠠᠮᠢᠷ ᠤᠨ ᠰᠤᠷᠭᠠᠭᠤᠯᠢ᠂ ᠺᠯᠦ᠋ᠪ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠵᠣᠬᠢᠬᠤ ᠨᠠᠰᠤᠨ ᠤ ᠵᠠᠯᠠᠭᠤᠴᠤᠳ ᠪᠠᠭᠠᠴᠤᠳ ᠤᠨ ᠤᠷᠤᠯᠳᠤᠭᠠᠨ ᠳᠤ ᠣᠷᠤᠯᠴᠠᠬᠤ ᠶᠢ ᠵᠥᠪᠰᠢᠶᠡᠷᠡᠪᠡ᠃ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠳᠤᠮᠳᠠᠳᠤ ᠰᠤᠷᠭᠠᠭᠤᠯᠢ ᠶᠢᠨ ᠰᠤᠷᠤᠬᠴᠢᠳ ᠤᠨ ᠤᠷᠤᠯᠳᠤᠭᠠᠨ ︵ᠰᠤᠷᠭᠠᠭᠤᠯᠢ ᠶᠢᠨ ᠬᠦᠷᠢᠶᠡᠨ ᠤ ᠤᠷᠤᠯᠳᠤᠭᠠᠨ︶᠎ ᠢ ᠲᠦᠷᠦᠭᠦᠯᠡᠨ ᠵᠣᠬᠢᠶᠠᠨ ᠪᠠᠶᠢᠭᠤᠯᠵᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠳᠤᠭᠤᠶᠢᠯᠠᠩ ᠢ ᠨᠡᠮᠡᠨ ᠲᠣᠬᠢᠷᠠᠭᠤᠯᠵᠤ᠂ ᠪᠡᠶ᠎ᠡ ᠶᠢᠨ ᠲᠠᠮᠢᠷ ᠤᠨ ᠰᠤᠷᠭᠠᠭᠤᠯᠢ ᠶᠢᠨ ᠰᠤᠷᠤᠬᠴᠢᠳ ᠤᠨ ᠤᠷᠤᠯᠳᠤᠭᠠᠨ ᠳᠤ ᠣᠷᠤᠯᠴᠠᠬᠤ ᠶᠢ ᠵᠥᠪᠰᠢᠶᠡᠷᠡᠪᠡ᠃ ᠡᠭᠦᠨ ᠤ ᠬᠠᠮᠲᠤ᠂ ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠪᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠪᠠᠰᠠ ᠬᠠᠮᠲᠤᠷᠠᠨ ᠥᠪᠡᠷᠲᠡᠭᠡᠨ ᠵᠠᠰᠠᠬᠤ ᠣᠷᠣᠨ ᠤ ᠰᠠᠭᠰᠤᠨ ᠪᠥᠮᠪᠦᠭᠡ ᠬᠥᠯ ᠪᠥᠮᠪᠦᠭᠡ ᠠᠯᠠᠭᠠᠳᠠᠬᠤ ᠪᠥᠮᠪᠦᠭᠡ ᠶᠢᠨ ᠵᠠᠯᠠᠭᠤᠴᠤᠳ ᠪᠠᠭᠠᠴᠤᠳ ᠤᠨ ᠡᠩᠨᠡᠭᠡ ᠶᠢ ᠪᠠᠶᠢᠭᠤᠯᠵᠤ᠂ ᠰᠢᠯᠢᠳᠡᠭ ᠡᠩᠨᠡᠭᠡ ᠶᠢ ᠰᠢᠯᠢᠨ ᠰᠣᠩᠭᠤᠬᠤ᠂ ᠵᠣᠬᠢᠶᠠᠨ ᠪᠠᠶᠢᠭᠤᠯᠬᠤ᠂ ᠲᠥᠪᠯᠡᠷᠡᠭᠦᠯᠦᠨ ᠪᠤᠯᠪᠠᠰᠤᠷᠠᠭᠤᠯᠬᠤ ᠲᠥᠰᠥᠯ ᠲᠣᠭᠲᠠᠭᠠᠬᠤ ᠶᠢᠨ ᠬᠠᠮᠲᠤ ᠳᠠᠰᠬᠠᠯᠵᠢᠭᠤᠯᠤᠭᠴᠢ ᠪᠠ ᠬᠢᠨᠠᠭᠴᠢ ᠶᠢ ᠪᠤᠯᠪᠠᠰᠤᠷᠠᠭᠤᠯᠬᠤ ᠠᠵᠢᠯ ᠢ ᠦᠷᠭᠦᠯᠵᠢᠯᠡᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠪᠡᠶ᠎ᠡ ᠶᠢᠨ ᠲᠠᠮᠢᠷ ᠤᠨ ᠬᠡᠪ ᠪᠣᠯᠪᠠᠰᠤᠷᠠᠯ ᠢ ᠦᠨᠡᠨ ᠬᠦ ᠳᠡᠭᠡᠭᠰᠢᠯᠡᠭᠦᠯᠦᠨ᠎ᠡ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ