︽ᠤᠶᠠᠨ ᠵᠢᠷᠭᠢᠭᠡ︾ ᠬᠠᠮᠲᠤᠯᠢᠭ ᠤᠨ ᠬᠢᠨ ᠰᠢᠨᠵᠢᠶᠠᠩ ᠳᠤ ᠠᠮᠵᠢᠯᠲᠠ ᠲᠠᠢ ᠲᠣᠭᠯᠠᠯ᠎ᠠ
ᠨᠡᠶᠢᠲᠡᠯᠡᠭᠰᠡᠨ ᠴᠠᠭ᠄
2024/5/15
     ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠦᠨᠳᠦᠰᠦᠲᠡᠨ ᠨᠦᠭᠦᠳ ᠤᠨ ᠪᠠᠭᠠᠴᠤᠳ ᠬᠡᠦᠬᠡᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠭᠦᠨᠵᠡᠭᠡᠢ ᠠᠬᠢᠭᠤᠯᠬᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠲᠠᠪᠤᠨ ᠥᠪᠡᠷᠲᠡᠭᠡᠨ ᠵᠠᠰᠠᠬᠤ ᠣᠷᠣᠨ ᠤ ︽6·1︾᠎ ᠤ ᠬᠡᠦᠬᠡᠳ ᠪᠠᠭᠠᠴᠤᠳ ᠤᠨ ᠤᠷᠠᠨ ᠰᠠᠶᠢᠬᠠᠨ ᠤ ᠲᠤᠬᠯᠠᠯᠲᠠ ᠶᠢᠨ ᠰᠢᠩᠭᠡᠭᠡᠯᠲᠡ ᠣᠷᠴᠢᠮᠬᠠᠨ ᠰᠢᠨᠵᠢᠶᠠᠩ ᠤᠨ ᠷᠠᠳᠢᠣ᠋ ᠲᠧᠯᠸᠢᠰ ᠬᠤᠷᠢᠶᠠᠨ ᠳᠤ ᠶᠠᠪᠤᠭᠳᠠᠪᠠ᠃     ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠢᠨ ᠤ ︽ᠤᠶᠠᠨ ᠵᠢᠷᠭᠢᠭᠡ︾ ᠬᠠᠮᠲᠤᠯᠢᠭ ᠨᠢ ᠮᠠᠨ ᠤ ᠣᠷᠣᠨ ᠢᠶᠠᠨ ᠲᠥᠯᠥᠭᠡᠯᠡᠨ ᠡᠨᠡ ᠬᠦ ᠠᠵᠢᠯᠯᠠᠭᠠᠨ ᠳᠤ ᠤᠷᠤᠯᠴᠠᠵᠤ᠂ ︽ᠨᠠᠭᠠᠳᠤᠮ︾ ᠭᠡᠬᠦ ᠲᠤᠬᠯᠠᠯᠲᠠ ᠪᠠᠷ ᠢᠶᠠᠨ ᠦᠵᠡᠭᠴᠢᠳ ᠤᠨ ᠲᠠᠭᠠᠰᠢᠶᠠᠯ ᠢ ᠭᠦᠷᠲᠡᠯ᠎ᠡ᠃
ᠢᠷᠡᠯᠲᠡ᠄ ᠣᠷᠳᠣᠰ ᠬᠠᠮ ᠵᠠᠭᠤᠴᠢᠯᠠᠭᠤᠷ