ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠦᠨᠳᠦᠰᠦᠲᠡᠨ ᠤ | ᠪᠦᠯᠬᠦᠮᠳᠡᠯ ᠳᠠᠪᠰᠢᠯᠲᠠ᠂ ᠦᠨᠳᠦᠰᠦᠲᠡᠨ ᠨᠦᠭᠦᠳ ᠤᠨ ᠪᠠᠭᠠᠴᠤᠳ ᠬᠡᠦᠬᠡᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ ᠢ ᠭᠦᠨᠵᠡᠭᠡᠢ ᠠᠬᠢᠭᠤᠯᠬᠤ ᠠᠷᠪᠠᠨ | ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠲᠠᠪᠤᠨ ᠥᠪᠡᠷᠲᠡᠭᠡᠨ ᠵᠠᠰᠠᠬᠤ ᠣᠷᠣᠨ ᠤ ︽6·1︾ ᠤ ᠬᠡᠦᠬᠡᠳ ᠪᠠᠭᠠᠴᠤᠳ ᠤᠨ ᠤᠷᠠᠨ ᠰᠠᠶᠢᠬᠠᠨ ᠤ | ᠲᠤᠬᠯᠠᠯᠲᠠ ᠶᠢᠨ ᠰᠢᠩᠭᠡᠭᠡᠯᠲᠡ ᠣᠷᠴᠢᠮᠬᠠᠨ ᠰᠢᠨᠵᠢᠶᠠᠩ ᠤᠨ ᠷᠠᠳᠢᠣ᠋ ᠲᠧᠯᠸᠢᠰ ᠬᠤᠷᠢᠶᠠᠨ ᠳᠤ ᠶᠠᠪᠤᠭᠳᠠᠪᠠ᠃ | ᠣᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠮᠣᠩᠭᠤᠯ ᠦᠨᠳᠦᠰᠦᠲᠡᠨ ᠤ ᠪᠠᠭ᠎ᠠ ᠰᠤᠷᠭᠠᠭᠤᠯᠢ ᠶᠢᠨ ᠬᠢᠨ ᠤ ︽ᠤᠶᠠᠨ ᠵᠢᠷᠭᠢᠭᠡ︾ ᠬᠠᠮᠲᠤᠯᠢᠭ ᠨᠢ | ᠮᠠᠨ ᠤ ᠣᠷᠣᠨ ᠢᠶᠠᠨ ᠲᠥᠯᠥᠭᠡᠯᠡᠨ ᠡᠨᠡ ᠬᠦ ᠠᠵᠢᠯᠯᠠᠭᠠᠨ ᠳᠤ ᠤᠷᠤᠯᠴᠠᠵᠤ᠂ ︽ᠨᠠᠭᠠᠳᠤᠮ︾ ᠭᠡᠬᠦ ᠲᠤᠬᠯᠠᠯᠲᠠ ᠪᠠᠷ ᠢᠶᠠᠨ ᠦᠵᠡᠭᠴᠢᠳ ᠤᠨ ᠲᠠᠭᠠᠰᠢᠶᠠᠯ ᠢ ᠭᠦᠷᠲᠡᠯ᠎ᠡ᠃ | | |