ᠣᠷᠳᠣᠰ ᠪᠣᠯ ᠣᠷᠳᠣᠰ ᠤᠨ ᠥᠨᠳᠦᠷᠯᠢᠭ ᠲᠠᠬᠢ ᠶᠡᠷᠦᠩᠬᠡᠢ ᠨᠡᠷᠡᠶᠢᠳᠦᠯ ᠶᠤᠮ᠃ ᠣᠷᠳᠣᠰ ᠨᠤᠲᠤᠭ ᠤᠨ ᠮᠣᠩᠭᠤᠯᠴᠤᠳ ᠤᠨ ᠦᠵᠡᠯᠲᠡ ᠨᠢ ᠴᠢᠩᠭᠢᠰ | ᠬᠠᠭᠠᠨ ᠤ ᠨᠠᠢᠮᠠᠨ ᠴᠠᠭᠠᠨ ᠣᠷᠳᠣᠨ ( ᠭᠡᠷ ) ᠬᠢᠭᠡᠳ ᠣᠯᠠᠨ ᠣᠷᠳᠤ ᠬᠠᠷᠰᠢ᠂ ᠰᠦᠯᠳᠡ ᠰᠢᠲᠦᠭᠡᠨ ᠢ ᠠᠳᠡ ᠪᠠᠶᠢᠭᠤᠯᠤᠭᠠᠳ ᠲᠠᠪᠤᠨ ᠵᠠᠭᠤᠨ ᠰᠢᠷ᠎ᠠ | ᠳᠠᠷᠬᠠᠳ ᠢᠶᠠᠷ ᠰᠠᠬᠢᠨ ᠬᠠᠮᠠᠭᠠᠯᠠᠵᠤ ᠳᠠᠬᠢᠭᠰᠠᠭᠠᠷ ᠢᠷᠡᠭᠰᠡᠨ ᠤᠳᠠᠭᠠᠨ ᠣᠨ ᠤ ᠲᠡᠦᠬᠡ ᠲᠠᠢ ᠠᠴᠠ ︽ᠣᠷᠳᠣᠰ︾ ᠭᠡᠰᠡᠨ ᠦᠭᠡᠨ ᠳᠤ ᠮᠣᠩᠭᠤᠯ ᠬᠡᠯᠡᠨ ᠤ ᠣᠯᠠᠨ | ᠲᠣᠭᠠᠨ ᠤ ︽᠊ᠰ︾ ᠳᠠᠭᠠᠪᠤᠷᠢ ᠶᠢ ᠵᠠᠯᠭᠠᠭᠠᠳ ᠣᠯᠠᠨ ᠣᠷᠳᠣᠨ ᠭᠡᠰᠡᠨ ᠤᠳᠬᠠᠲᠠᠢ ︽ᠣᠷᠳᠣᠰ︾ ᠭᠡᠰᠡᠨ ᠨᠠᠷ᠎ᠡ ᠪᠣᠯᠤᠭᠰᠠᠨ ᠶᠤᠮ᠃ | | ᠣᠷᠳᠣᠰ ᠨᠤᠲᠤᠭ ᠪᠣᠯ ᠪᠠᠷᠠᠭᠤᠨ᠂ ᠬᠤᠶᠢᠨ᠎ᠠ᠂ ᠵᠡᠭᠦᠨ 3 ᠲᠠᠯ᠎ᠠ ᠪᠠᠷ ᠢᠶᠠᠨ ᠬᠠᠲᠤᠨ ᠭᠤᠣᠯ ᠣᠷᠢᠶᠠᠵᠤ᠂ ᠪᠠᠷᠠᠭᠤᠨ ᠡᠮᠦᠨᠡᠭᠦᠷ ᠢᠶᠠᠷ ᠨᠢ ᠤᠷᠲᠤ ᠴᠠᠭᠠᠨ | ᠬᠡᠷᠡᠮ ᠪᠦᠰᠡᠯᠡᠵᠦ ᠪᠠᠶᠢᠬᠤ ᠭᠠᠵᠠᠷ ᠤᠨ ᠳᠤᠮᠳᠠ ᠨᠢ 87.428 ᠭᠠᠷᠤᠢ ᠲᠡᠭᠰᠢ ᠳᠥᠷᠪᠡᠯᠵᠢᠨ ᠺᠢᠯᠣᠮᠧᠲᠷ ᠤᠨ ᠨᠤᠲᠤᠭ ᠳᠡᠪᠢᠰᠬᠡᠷ ᠳᠡᠭᠡᠷ᠎ᠡ ᠣᠷᠳᠣᠰ 7 | ᠬᠤᠰᠢᠭᠤ 2 ᠲᠣᠭᠤᠷᠢᠭ ᠲᠤ ᠬᠠᠷᠢᠶᠠᠯᠠᠭᠳᠠᠵᠤ ᠪᠠᠶᠢᠭ᠎ᠠ ᠥᠩ ᠰᠢᠮᠡᠯᠢᠭ ᠡᠪᠡᠰᠦ ᠪᠡᠯᠴᠢᠭᠡᠷ ᠲᠠᠢ ᠦᠩᠰᠡᠭ ᠰᠠᠶᠢᠬᠠᠨ ᠮᠠᠯ ᠰᠦᠷᠦᠭ ᠲᠠᠢ ᠡᠯᠪᠡᠭ ᠪᠠᠶᠠᠨ | ᠪᠠᠶᠢᠭᠠᠯᠢ ᠶᠢᠨ ᠡᠬᠢ ᠪᠠᠶᠠᠯᠢᠭ ᠲᠠᠢ ᠣᠷᠣᠨ ᠢ ᠪᠣᠷᠣᠳᠣᠬᠤᠢ (ᠤᠤᠯ ᠤᠨ ᠪᠣᠷᠣᠳᠣᠬᠤᠢ ᠳᠤ ᠤᠷᠠᠳ ᠤᠨ ᠲᠠᠯ᠎ᠠ᠂ ᠲᠦᠮᠡᠳ ᠤᠨ ᠲᠠᠯ᠎ᠠ ᠪᠦᠷ ᠪᠠᠶᠢᠳᠠᠭ) ᠪᠠᠶᠢᠵᠠᠢ᠃ | | ᠠᠯᠢ ᠡᠷᠲᠡ ᠦᠶ᠎ᠡ ᠳᠤ ᠣᠷᠳᠣᠰ ᠮᠣᠩᠭᠤᠯ ᠤᠨ ᠡᠪᠦᠭᠡ ᠳᠡᠭᠡᠳᠦᠰ — ᠣᠷᠳᠣᠰ ᠬᠥᠮᠥᠨ (ᠪᠣᠷᠣᠳᠣᠬᠤᠢ ᠶᠢᠨ ᠬᠥᠮᠥᠨ) ᠪᠠᠶᠢᠵᠠᠢ᠃ ᠲᠡᠭᠦᠨ ᠠᠴᠠ | ᠬᠤᠶᠢᠰᠢ ᠲᠡᠦᠬᠡ ᠶᠢᠨ ᠤᠷᠲᠤ ᠤᠳᠠᠭᠠᠨ ᠬᠤᠭᠤᠴᠠᠭᠠᠨ ᠳᠤ ᠤᠮᠠᠷᠠᠲᠤ ᠣᠷᠣᠨ ᠤ ᠡᠯ᠎ᠡ ᠴᠥᠭᠡᠨ ᠲᠣᠭᠠᠲᠤ ᠦᠨᠳᠦᠰᠦᠲᠡᠨ ᠦᠶ᠎ᠡ ᠤᠯᠠᠷᠢᠨ ᠠᠵᠤ ᠲᠦᠷᠦᠨ | ᠨᠡᠭᠦᠳᠡᠯᠯᠡᠨ ᠮᠠᠯᠵᠢᠵᠤ ᠢᠷᠡᠭᠰᠡᠭᠡᠷ ᠥᠨᠥᠳᠥᠷ ᠤᠨ ᠡᠶᠢᠮᠦ ᠰᠠᠶᠢᠬᠠᠨ ᠥᠯᠢᠭᠡᠷ ᠲᠡᠦᠬᠡ ᠶᠢ ᠡᠭᠦᠳᠦᠨ ᠪᠦᠲᠦᠭᠡᠭᠰᠡᠨ ᠭᠡᠳᠡᠭ᠃ | ︽ᠣᠷᠳᠣᠰ︾ ᠭᠡᠳᠡᠭ ᠨᠠᠷ᠎ᠡ ᠴᠢᠩᠭᠢᠰ ᠬᠠᠭᠠᠨ ᠤ ᠦᠶ᠎ᠡ ᠠᠴᠠ ᠡᠬᠢᠯᠡᠵᠦ ᠪᠤᠢ ᠪᠣᠯᠤᠭᠰᠠᠨ ᠪᠣᠯᠪᠠᠴᠤ 13 ᠳ᠋ᠤᠭᠠᠷ ᠵᠠᠭᠤᠨ ᠤ ᠰᠡᠭᠦᠯᠴᠢ 14 ᠳ᠋ᠦ᠋ᠭᠡᠷ ᠵᠠᠭᠤᠨ ᠤ | ᠡᠬᠢᠨ ᠤ ᠦᠶ᠎ᠡ ᠪᠠᠷ ᠰᠠᠶ᠋ᠢ ᠵᠢᠩᠬᠢᠨᠢ ᠮᠣᠩᠭᠤᠯ ᠤᠨ ᠨᠡᠶᠢᠭᠡᠮ ᠤᠨ ᠵᠠᠰᠠᠭ ᠵᠠᠬᠢᠷᠭᠠᠨ ᠤ ᠨᠡᠷ᠎ᠡ ᠪᠣᠯᠵᠠᠢ᠃ ᠦᠬᠡᠷ᠎ᠡ ᠪᠠᠷ ᠬᠡᠯᠡᠪᠡᠯ ᠮᠣᠩᠭᠤᠯ ᠤᠨ ᠨᠡᠶᠢᠭᠡᠮ ᠤᠨ ᠨᠢᠭᠡᠨ | ᠲᠦᠮᠡᠨ ᠤ ᠨᠠᠷ᠎ᠡ ︽ᠣᠷᠳᠣᠰ ᠲᠦᠮᠡᠨ︾ ᠭᠡᠵᠦ ᠪᠤᠢ ᠪᠣᠯᠵᠠᠢ᠃ ︽ᠰᠢᠷ᠎ᠠ ᠲᠤᠭᠤᠵᠢ︾ ᠳᠤ ︽ᠡᠷᠴᠢᠮᠲᠦ ᠨᠠᠴᠢᠨ ᠤ ᠵᠢᠭᠦᠷ ᠪᠣᠯᠤᠭᠰᠠᠨ᠂ ᠡᠷᠭᠢᠬᠦ ᠬᠠᠰᠠᠭ ᠲᠡᠷᠭᠡᠨ ᠢ | ᠬᠠᠳᠠᠭᠠᠯᠠᠭᠰᠠᠨ ᠡᠷᠡᠬᠡᠶᠢᠲᠦ ᠶᠢᠨ ᠮᠡᠷᠭᠡᠨ᠂ ᠡᠪᠴᠢᠭᠦᠨ ᠳᠡᠭᠡᠨ ᠶᠡᠭᠡ ᠵᠣᠷᠢᠭᠲᠤ ᠤᠯᠤᠰ ᠲᠤ ᠲᠦᠷᠦᠭᠰᠡᠨ ᠡᠵᠡᠨ ᠢ ᠠᠭᠤᠯᠠ ᠮᠡᠲᠦ ᠴᠠᠭᠠᠨ ᠭᠡᠷ ᠢ ᠬᠠᠳᠠᠭᠠᠯᠠᠭᠰᠠᠨ | ᠣᠷᠳᠣᠰ ᠲᠦᠮᠡᠨ︾ ᠭᠡᠵᠦ ᠣᠷᠳᠣᠰ ᠲᠦᠮᠡᠨ ᠤ ᠶᠡᠭᠡ ᠬᠠᠭᠠᠨ ᠤ ᠠᠶᠠᠨ ᠳᠠᠶᠢᠨ ᠳᠤ ᠬᠡᠷᠡᠭᠯᠡᠵᠦ ᠪᠠᠭᠤᠬᠤ ᠣᠷᠳᠣᠨ ᠥᠷᠦᠬᠡ ᠶᠢᠨ ᠲᠤᠰᠬᠠᠢ ᠡᠷᠬᠢᠯᠠᠨ | ᠬᠠᠷᠢᠭᠤᠴᠠᠵᠤ ᠪᠠᠶᠢᠭᠰᠠᠨ ᠪᠠᠶᠢᠳᠠᠯ ᠢ ᠲᠣᠪ ᠲᠣᠳᠣᠷᠬᠠᠢ ᠳᠦᠷᠰᠦᠯᠡᠭᠰᠡᠨ ᠪᠠᠶᠢᠨ᠎ᠠ᠃ | | ︽ᠡᠷᠳᠡᠨᠢ ᠶᠢᠨ ᠲᠣᠪᠴᠢ︾ ᠳᠤ ︽ᠣᠷᠳᠣᠰ ᠲᠤ ᠡᠵᠡᠨ ᠤ ᠨᠠᠢᠮᠠᠨ ᠴᠠᠭᠠᠨ ᠭᠡᠷ ᠢ ᠬᠠᠳᠠᠭᠠᠯᠠᠭᠰᠠᠨ ᠶᠡᠭᠡ ᠵᠠᠶᠠᠭᠠᠲᠤ ᠤᠯᠤᠰ︾ ᠭᠡᠵᠦ ᠣᠷᠳᠣᠰᠴᠤᠳ ᠤᠨ ᠶᠡᠭᠡ | ᠬᠠᠭᠠᠨ ᠤ ᠣᠷᠳᠣᠨ ᠥᠷᠦᠬᠡ ᠶᠢ ᠲᠤᠰᠬᠠᠢ ᠬᠠᠷᠢᠭᠤᠴᠠᠨ ᠬᠠᠮᠠᠭᠠᠯᠠᠵᠤ ᠪᠠᠶᠢᠭᠰᠠᠨ ᠠᠴᠠ ᠪᠠᠨ ᠡᠵᠡᠨ ᠤ ᠭᠡᠷᠢᠶᠡᠰ ᠢ ᠨᠠᠢᠮᠠᠨ ᠴᠠᠭᠠᠨ ᠭᠡᠷ ᠲᠤ ᠬᠠᠳᠠᠭᠠᠯᠠᠨ ᠰᠠᠬᠢᠵᠤ | ᠳᠠᠬᠢᠵᠤ ᠪᠠᠶᠢᠭᠰᠠᠨ ᠢ ᠨᠤᠲᠠᠯᠠᠵᠠᠢ᠃ ᠭᠡᠪᠡᠴᠦ ᠡᠨᠡ ᠦᠶ᠎ᠡ ᠳᠤ ᠵᠢᠩᠬᠢᠨᠢ ᠵᠠᠰᠠᠭ ᠵᠠᠬᠢᠷᠭᠠᠨ ᠤ ᠨᠠᠷ᠎ᠡ ᠪᠣᠯᠵᠤ ᠴᠢᠳᠠᠭᠠᠳᠤᠢ ᠪᠠᠶᠢᠵᠠᠢ᠃ | | | ᠪᠠᠲᠤᠮᠦ᠋ᠩᠬᠡ ᠳᠠᠶᠠᠨ ᠬᠠᠭᠠᠨ ᠪᠦᠬᠦ ᠮᠣᠩᠭᠤᠯ ᠢ ᠳᠠᠬᠢᠨ ᠨᠢᠭᠡᠳᠬᠡᠭᠰᠡᠨ ᠤ ᠳᠠᠷᠠᠭ᠎ᠠ 1470 ᠣᠨ ᠳᠤ ᠪᠦᠬᠦ ᠮᠣᠩᠭᠤᠯ ᠢ ᠵᠡᠭᠦᠨ ᠪᠠᠷᠠᠭᠤᠨ ᠵᠢᠷᠭᠤᠭᠠᠨ | ᠲᠦᠮᠡᠨ ᠬᠤᠪᠢᠶᠠᠵᠤ ᠭᠤᠷᠪᠠᠳᠤᠭᠠᠷ ᠬᠥᠪᠡᠭᠦᠨ ᠪᠠᠷᠰᠪᠤᠯᠤᠳ ᠲᠤ ᠪᠠᠷᠠᠭᠤᠨ ᠭᠠᠷᠤᠨ ᠣᠷᠳᠣᠰ᠂ ᠶᠥᠩᠰᠢᠶᠡᠪᠤ᠂ ᠠᠷᠪᠠᠨ ᠬᠤᠶᠠᠷ ᠲᠦᠮᠡᠳ ᠵᠡᠷᠭᠡ ᠭᠤᠷᠪᠠᠨ | ᠲᠦᠮᠡᠨ ᠢ ᠡᠵᠡᠯᠡᠭᠦᠯᠦᠭᠡᠳ ︽ᠣᠷᠳᠣᠰ︾ ᠭᠡᠰᠡᠨ ᠦᠭᠡ ᠵᠢᠩᠬᠢᠨᠢ ᠪᠠᠷ ᠵᠠᠰᠠᠭ ᠵᠠᠬᠢᠷᠭᠠᠨ ᠤ ᠨᠡᠷ᠎ᠡ ᠪᠣᠯᠵᠤ ᠬᠤᠪᠢᠷᠠᠭᠰᠠᠨ ᠪᠠᠶᠢᠨ᠎ᠠ᠃ ᠴᠢᠩ ᠤᠯᠤᠰ ᠮᠣᠩᠭᠤᠯ | ᠤᠯᠤᠰ ᠢ ᠡᠷᠬᠡᠰᠢᠶᠡᠯ ᠳᠡᠭᠡᠨ ᠣᠷᠣᠭᠤᠯᠤᠭᠰᠠᠨ ᠤ ᠳᠠᠷᠠᠭ᠎ᠠ ᠡᠶᠡᠪᠡᠷ ᠵᠠᠰᠠᠭᠴᠢ ᠶᠢᠨ ᠵᠢᠷᠭᠤᠳᠤᠭᠠᠷ ᠣᠨ (1649) ᠳᠤ ︽ᠶᠡᠭᠡ ᠵᠣᠣ︾ ᠭᠡᠪᠡ᠃ ᠣᠳᠣ ᠶᠢᠨ ᠳᠠᠯᠠᠳ | ᠬᠤᠰᠢᠭᠤᠨ ᠤ ᠬᠢᠵᠠᠭᠠᠷ ᠲᠤ ᠪᠠᠶᠢᠭ᠎ᠠ ᠸᠠᠩ ᠤᠨ ᠭᠤᠣᠯ ᠤᠨ ᠳᠡᠷᠭᠡᠳᠡ ᠱᠠᠭᠵᠠᠮᠤᠨᠢ ᠪᠤᠷᠬᠠᠨ ᠤ ᠠᠷᠪᠠᠨ ᠬᠤᠶᠠᠷ ᠨᠠᠰᠤᠨ ᠤ ᠦᠶ᠎ᠡ ᠶᠢᠨ ᠬᠦᠷᠦᠭ ᠢ ᠰᠢᠲᠦᠭᠡᠨ | ᠪᠣᠯᠭᠠᠨ ᠲᠠᠬᠢᠭᠰᠠᠨ ᠰᠦᠮ᠎ᠡ ᠶᠢᠨ ᠶᠡᠭᠡ ᠵᠣᠣ ᠭᠡᠳᠡᠭ ᠲᠤᠯᠠ ᠣᠷᠳᠣᠰ ᠲᠦᠮᠡᠨ ᠢ ᠰᠦᠮ᠎ᠡ ᠶᠢᠨ ᠨᠠᠷ᠎ᠡ ᠪᠠᠷ ᠶᠡᠭᠡ ᠵᠣᠣ ᠶᠢᠨ ᠴᠢᠭᠤᠯᠭᠠᠨ ᠪᠣᠯᠭᠠᠨ ᠥᠭᠡᠷᠡᠴᠢᠯᠡᠵᠦ᠂ | ᠭᠤᠮᠪᠤ ᠪᠤᠷᠬᠠᠨ ᠤ ᠵᠢᠷᠭᠤᠭᠠᠨ ᠮᠣᠳᠣᠷ ᠢ ᠳᠠᠭᠤᠷᠢᠶᠠᠯᠭᠠᠨ ᠬᠤᠰᠢᠭᠤ ᠬᠤᠪᠢᠶᠠᠬᠤ ᠳᠠᠭᠠᠨ ᠵᠡᠭᠦᠨ ᠭᠠᠷᠤᠨ ᠡᠮᠦᠨᠡᠲᠦ ᠬᠤᠰᠢᠭᠤ (ᠵᠡᠭᠦᠨᠭᠠᠷ)᠂ ᠵᠡᠭᠦᠨ ᠭᠠᠷᠤᠨ | ᠳᠤᠮᠳᠠᠲᠤ ᠬᠤᠰᠢᠭᠤ (ᠵᠢᠶᠦ᠋ᠨ ᠸᠠᠩ)᠂ ᠵᠡᠭᠦᠨ ᠭᠠᠷᠤᠨ ᠬᠤᠶᠢᠲᠤ ᠬᠤᠰᠢᠭᠤ (ᠳᠠᠯᠠᠳ)᠂ ᠪᠠᠷᠠᠭᠤᠨ ᠭᠠᠷᠤᠨ ᠡᠮᠦᠨᠡᠲᠦ ᠬᠤᠰᠢᠭᠤ (ᠦᠦᠰᠢᠨ)᠂ ᠪᠠᠷᠠᠭᠤᠨ ᠭᠠᠷᠤᠨ | ᠳᠤᠮᠳᠠᠲᠤ ᠬᠤᠰᠢᠭᠤ (ᠣᠲᠤᠭ)᠂ ᠪᠠᠷᠠᠭᠤᠨ ᠭᠠᠷᠤᠨ ᠬᠤᠶᠢᠲᠤ ᠬᠤᠰᠢᠭᠤ (ᠬᠠᠩᠭᠢᠨ) ᠭᠡᠵᠦ ᠵᠢᠷᠭᠤᠭᠠᠨ ᠬᠤᠰᠢᠭᠤ ᠪᠣᠯᠭᠠᠵᠠᠢ᠃ ᠰᠡᠭᠦᠯ ᠳᠤ ᠪᠠᠷᠠᠭᠤᠨ ᠭᠠᠷᠤᠨ | ᠡᠮᠦᠨᠡᠲᠦ ᠠᠳᠠᠭ ᠬᠤᠰᠢᠭᠤ (ᠵᠠᠰᠠᠭ) ᠶᠢ ᠨᠡᠮᠡᠪᠡ᠃ ᠶᠡᠭᠡ ᠵᠣᠣ ᠴᠢᠭᠤᠯᠭᠠᠨ ᠤ ᠳᠣᠲᠣᠷ᠎ᠠ ᠨᠢ ᠡᠯ᠎ᠡ ᠬᠤᠰᠢᠭᠤᠨ ᠤ ᠨᠣᠶᠠᠳ ᠢ ᠴᠤᠭᠯᠠᠭᠤᠯᠵᠤ ᠴᠢᠭᠤᠯᠭᠠᠨ | ᠴᠢᠭᠤᠯᠵᠤ ᠵᠠᠰᠠᠭ ᠲᠦᠷᠦ ᠶᠢᠨ ᠶᠠᠪᠤᠳᠠᠯ ᠢ ᠵᠥᠪᠯᠡᠳᠡᠭ ᠠᠴᠠ ᠶᠡᠭᠡ ᠵᠣᠣ ᠶᠢᠨ ᠴᠢᠭᠤᠯᠭᠠᠨ ᠭᠡᠵᠦ ᠨᠡᠷᠡᠶᠢᠳᠴᠡᠢ᠃ 1949 ᠣᠨ ᠳᠤ ᠴᠢᠯᠦᠭᠡᠯᠡᠭᠳᠡᠭᠰᠡᠨ ᠤ ᠳᠠᠷᠠᠭ᠎ᠠ | ︽ᠴᠢᠭᠤᠯᠭᠠᠨ︾ ᠢ ︽ᠠᠶᠢᠮᠠᠭ︾ ᠪᠣᠯᠭᠠᠨ ᠥᠭᠡᠷᠡᠴᠢᠯᠡᠭᠡᠳ ︽ᠶᠡᠭᠡ ᠵᠣᠣ ᠠᠶᠢᠮᠠᠭ︾ ᠪᠣᠯᠵᠤ ᠪᠠᠶᠢᠭᠠᠳ 2001 ᠣᠨ ᠤ 2 ᠰᠠᠷ᠎ᠠ ᠶᠢᠨ 26 ᠳᠤ ᠤᠯᠤᠰ ᠤᠨ | ᠶᠠᠪᠤᠳᠠᠯ ᠤᠨ ᠬᠤᠷᠢᠶᠠᠨ ᠤ ᠵᠥᠪᠰᠢᠶᠡᠷᠡᠯ ᠢᠶᠠᠷ ᠶᠡᠭᠡ ᠵᠣᠣ ᠠᠶᠢᠮᠠᠭ ᠨᠢ ᠥᠷᠭᠡᠵᠢᠵᠦ ᠬᠥᠭᠵᠢᠭᠡᠳ ᠣᠷᠳᠣᠰ ᠬᠤᠲᠠ ᠪᠣᠯᠭᠠᠪᠠ᠃ ᠢᠩᠭᠢᠭᠡᠳ᠂ ᠣᠷᠳᠣᠰ ᠤᠨ ᠤᠯᠤᠰ | ᠲᠦᠷᠦ᠂ ᠠᠵᠤ ᠠᠬᠤᠢ᠂ ᠰᠣᠶᠣᠯ ᠲᠡᠦᠬᠡ ᠶᠢᠨ ᠲᠥᠪ ᠪᠣᠯᠵᠤ ᠣᠷᠳᠣᠰ ᠮᠣᠩᠭᠤᠯᠴᠤᠳ ᠤᠨ ᠣᠮᠣᠭᠰᠢᠯ ᠪᠣᠯᠤᠭᠰᠠᠨ ᠪᠠᠶᠢᠨ᠎ᠠ᠃ |