ᠡᠵᠡᠨ ᠬᠤᠷᠤᠭ᠎ᠠ ᠬᠤᠰᠢᠭᠤᠨ ᠤ ᠨᠣᠮ ᠤᠨ ᠰᠠᠩ ᠤᠯᠤᠰ ᠤᠨ ᠰᠢᠶᠡᠨ ᠤ ᠲᠡᠰ ᠤᠨ ᠨᠢᠭᠡᠳᠦᠭᠡᠷ ᠲᠡᠰ ᠤᠨ ᠨᠣᠮ ᠤᠨ ᠰᠠᠩ ᠢᠶᠠᠷ ᠰᠣᠩᠭᠤᠭᠳᠠᠪᠠ
ᠨᠡᠶᠢᠲᠡᠯᠡᠭᠰᠡᠨ ᠴᠠᠭ᠄
2024/5/17
      ᠲᠣᠯᠣᠳᠣᠭᠠᠷ ᠤᠳᠠᠭᠠᠨ ᠤ ᠪᠥᠬᠦ ᠤᠯᠤᠰ ᠤᠨ ᠰᠢᠶᠡᠨ ᠤ ᠲᠡᠰ ᠠᠴᠠ ᠲᠡᠭᠡᠭᠰᠢᠬᠢ ᠤᠯᠠᠨ ᠨᠡᠶᠢᠲᠡ ᠶᠢᠨ ᠨᠣᠮ ᠤᠨ ᠰᠠᠩ ᠤᠨ ᠬᠢᠨᠠᠨ ᠦᠨᠡᠯᠡᠯᠳᠡ ᠳᠤ᠂ ᠡᠵᠡᠨ ᠬᠤᠷᠤᠭ᠎ᠠ ᠬᠤᠰᠢᠭᠤᠨ ᠤ ᠨᠣᠮ ᠤᠨ ᠰᠠᠩ ᠤᠯᠤᠰ ᠤᠨ ᠰᠢᠶᠡᠨ ᠤ ᠲᠡᠰ ᠤᠨ ᠨᠢᠭᠡᠳᠦᠭᠡᠷ ᠲᠡᠰ ᠤᠨ ᠨᠣᠮ ᠤᠨ ᠰᠠᠩ ᠢᠶᠠᠷ ᠰᠣᠩᠭᠤᠭᠳᠠᠪᠠ᠃            ᠡᠵᠡᠨ ᠬᠤᠷᠤᠭ᠎ᠠ ᠬᠤᠰᠢᠭᠤᠨ ᠤ ᠨᠣᠮ ᠤᠨ ᠰᠠᠩ ᠤᠨ ᠡᠵᠡᠯᠡᠬᠦ ᠲᠠᠯᠠᠪᠠᠢ ᠨᠢ 4200 ᠢᠯᠡᠭᠦᠤ ᠲᠡᠭᠰᠢ ᠲᠦᠷᠪᠡᠯᠵᠢᠨ ᠮᠧᠲᠷ᠂ ᠨᠣᠮ ᠤᠨ ᠬᠠᠳᠠᠭᠠᠯᠠᠮᠵᠢ ᠶᠢᠨ ᠬᠡᠮᠵᠢᠶ᠎ᠡ 30.05 ᠲᠦᠮᠡᠨ ᠲᠡᠪᠳᠡᠷ ᠲᠤ ᠬᠦᠷᠴᠦ᠂ 600 ᠤᠩᠰᠢᠭᠴᠢᠳ ᠤᠨ ᠣᠷᠣ ᠲᠠᠢ ᠪᠠᠶᠢᠵᠤ᠂ ᠵᠢᠯ ᠳᠤ 30 ᠢᠯᠡᠭᠦᠤ ᠲᠦᠮᠡᠨ ᠤᠩᠰᠢᠭᠴᠢᠳ ᠢ ᠬᠦᠯᠢᠶᠡᠨ ᠠᠪᠴᠤ ᠪᠠᠶᠢᠨ᠎ᠡ᠃ ᠥᠢᠷ᠎ᠡ ᠶᠢᠨ ᠵᠢᠯ ᠳᠤ᠂ ᠡᠵᠡᠨ ᠬᠤᠷᠤᠭ᠎ᠠ ᠬᠤᠰᠢᠭᠤᠨ ᠤ ᠨᠣᠮ ᠤᠨ ᠰᠠᠩ ᠢ ᠬᠡᠳᠦ ᠤᠳᠠᠭ᠎ᠠ ᠥᠭᠡᠷᠡᠴᠢᠯᠡᠨ ᠰᠢᠨᠡᠳᠭᠡᠬᠦ ᠪᠠᠷ ᠳᠠᠮᠵᠢᠨ᠂ ᠦᠢᠯᠡᠳᠦᠯ ᠴᠢᠳᠠᠮᠵᠢ ᠨᠢ ᠴᠤ ᠨᠡᠩ ᠪᠦᠷᠢᠨ ᠲᠡᠭᠦᠯᠳᠡᠷ ᠪᠣᠯᠵᠡᠢ᠃             ᠪᠥᠬᠦ ᠠᠷᠠᠳ ᠤᠨ ᠨᠣᠮ ᠤᠩᠰᠢᠬᠤ ᠢᠳᠡᠪᠬᠢᠵᠢᠯ ᠢ ᠳᠠᠶᠢᠴᠢᠯᠠᠬᠤ ᠪᠠᠷ ᠡᠵᠡᠨ ᠬᠤᠷᠤᠭ᠎ᠠ ᠬᠤᠰᠢᠭᠤᠨ ᠤ ᠨᠣᠮ ᠤᠨ ᠰᠠᠩ ᠨᠢ ᠪᠥᠬᠦ ᠬᠤᠰᠢᠭᠤᠨ ᠤ ᠬᠡᠪᠴᠢᠶᠡᠨ ᠳᠤ ᠡᠯ᠎ᠡ ᠪᠠᠯᠭᠠᠰᠤ᠂ ᠠᠯᠪᠠᠨ ᠪᠠᠶᠢᠭᠤᠯᠭ᠎ᠠ᠂ ᠨᠡᠶᠢᠭᠡᠮ ᠲᠣᠭᠤᠷᠢᠭ ᠵᠡᠷᠭᠡ ᠳᠤ 153 ᠬᠤᠪᠢᠶᠠᠷᠢ ᠨᠣᠮ ᠤᠨ ᠰᠠᠩ ᠂ 7 ︽ᠠᠨᠳᠠ︾ ᠬᠤᠲᠠ ᠶᠢᠨ ᠲᠣᠮᠳᠠᠬᠢ ᠨᠣᠮ ᠤᠨ ᠦᠷᠦᠭᠡ ᠶᠢ ᠪᠠᠶᠢᠭᠤᠯᠵᠤ᠂ ᠪᠥᠬᠦ ᠠᠷᠠᠳ ᠤᠨ ᠨᠣᠮ ᠤᠩᠰᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠢ ᠪᠣᠯᠭᠠᠵᠤ ᠤᠯᠠᠨ ᠲᠦᠮᠡᠨ ᠤ ᠰᠣᠶᠣᠯ ᠤᠨ ᠠᠮᠢᠳᠣᠷᠠᠯ ᠢ ᠪᠠᠶᠠᠯᠢᠭᠵᠢᠭᠤᠯᠵᠤ ᠪᠠᠶᠢᠨ᠎ᠡ᠃       
ᠢᠷᠡᠯᠲᠡ᠄ ᠡᠵᠡᠨ ᠬᠤᠷᠤᠭ᠎ᠠ ᠬᠤᠰᠢᠭᠤᠨ ᠤ ᠠᠷᠠᠳ ᠤᠨ ᠵᠠᠰᠠᠭ ᠤ ᠤᠷᠳᠤᠨ ᠤ ᠮᠣᠩᠭᠤᠯ ᠰᠦᠯᠵᠢᠶ᠎ᠡ