ᠦᠦᠰᠢᠨ ᠬᠤᠰᠢᠭᠤ ᠡᠯᠧᠺᠲᠷᠤᠨ ᠬᠤᠳᠠᠯᠳᠤᠭᠠᠨ ᠤ ᠰᠢᠭᠤᠳ ᠨᠡᠪᠳᠡᠷᠡᠭᠦᠯᠭᠡ ᠶᠢᠨ ᠬᠢᠴᠢᠶᠡᠯᠯᠡᠭᠡ ᠶᠢ ᠡᠷᠬᠢᠯᠡᠪᠡ
ᠨᠡᠶᠢᠲᠡᠯᠡᠭᠰᠡᠨ ᠴᠠᠭ᠄
2024/5/22
      ᠨᠡᠶᠢᠬᠡᠮ ᠴᠠᠭ ᠦᠶ᠎ᠡ ᠶᠢᠨ ᠬᠦᠭᠵᠢᠭᠦ ᠶᠢ ᠲᠠᠭᠠᠯᠳᠤᠨ ᠬᠦᠮᠦᠰ ᠰᠦᠯᠵᠢᠶ᠎ᠡ ᠬᠤᠯᠪᠤᠭ᠎ᠠ ᠶᠢ ᠠᠰᠢᠭᠯᠠᠨ ᠠᠮᠢᠳᠤᠷᠠᠯ ᠤᠨ ᠬᠡᠷᠡᠭᠰᠡᠯ ᠪᠤᠶᠤ ᠤᠷᠤᠨ ᠨᠣᠳᠤᠭ ᠤᠨ ᠤᠨᠴᠠᠯᠢᠭ ᠲᠠᠢ ᠢᠳᠡᠭᠡᠨ ᠤᠮᠳᠠᠭᠠᠨ ᠢ ᠰᠢᠭᠤᠳ ᠨᠡᠪᠳᠡᠷᠡᠭᠦᠯᠭᠡ ᠶᠢᠨ ᠭᠡᠯᠪᠡᠷᠢ ᠪᠠᠷ ᠪᠤᠷᠤᠯᠠᠭᠤᠯᠬᠤ ᠪᠤᠯᠤᠭᠰᠠᠨ ᠪᠠᠶᠢᠨ᠎ᠠ᠃ ᠮᠠᠯᠵᠢᠬᠤ ᠲᠠᠷᠢᠶᠠᠯᠠᠬᠤ ᠤᠷᠤᠨ ᠤ ᠡᠯᠧᠺᠲᠷᠤᠨ ᠬᠤᠳᠠᠯᠳᠤᠭᠠᠨ ᠤ ᠴᠢᠳᠠᠪᠤᠷᠢᠳᠡᠨ ᠤ ᠡᠩᠨᠡᠭᠡ ᠶᠢ ᠲᠡᠭᠦᠯᠳᠡᠷᠵᠢᠭᠦᠯᠵᠦ᠂ ᠴᠢᠨᠡᠷ ᠰᠡᠶᠢᠳᠡᠢ ᠮᠠᠯ ᠲᠠᠷᠢᠶᠠᠯᠠᠩ ᠤᠨ ᠠᠰᠢᠭ ᠰᠢᠮ᠎ᠡ ᠶᠢᠨ ᠪᠦᠳᠤᠭᠡᠭᠳᠡᠭᠦᠨ ᠢ ᠰᠦᠯᠵᠢᠶ᠎ᠡ ᠪᠠᠷ ᠪᠤᠷᠤᠯᠠᠭᠤᠯᠬᠤ ᠶᠢ ᠲᠠᠶᠢᠴᠢᠯᠠᠬᠤ ᠶᠢᠨ ᠲᠤᠰᠠᠳᠠ 5 ᠰᠠᠷ᠎ᠠ ᠶᠢᠨ 13 ᠤ ᠡᠳᠦᠷ᠂ ᠮᠠᠨ ᠤ ᠬᠤᠰᠢᠭᠤᠨ ᠤ ᠦᠨᠳᠤᠰᠤᠳᠡᠨ ᠤ ᠬᠡᠷᠡᠭ ᠡᠷᠬᠢᠯᠡᠭᠦ ᠵᠦᠪᠯᠡᠯ ᠠᠴᠠ ᠡᠯᠧᠺᠳ᠋ᠷᠣᠨ ᠬᠤᠳᠠᠯᠳᠤᠭᠠᠨ ᠤ ᠰᠢᠭᠤᠳ ᠨᠡᠪᠳᠡᠷᠡᠭᠦᠯᠭᠡ ᠶᠢᠨ ᠤᠷ᠎ᠠ ᠴᠢᠳᠠᠪᠤᠷᠢ ᠶᠢᠨ ᠬᠢᠴᠢᠶᠡᠯᠯᠡᠭᠡ ᠶᠢ ᠭᠤᠤᠯᠯᠠᠨ ᠡᠷᠬᠢᠯᠡᠭᠰᠡᠨ ᠪᠠᠶᠢᠨ᠎ᠠ᠃ ᠡᠨᠡ ᠤᠳᠠᠭᠠᠨ ᠤ ᠪᠤᠯᠪᠠᠰᠤᠷᠠᠯ ᠳᠤ ᠦᠤᠰᠢᠨ ᠬᠤᠰᠢᠭᠤᠨ ᠤ ᠡᠯ᠎ᠡ ᠭᠠᠴᠠᠭ᠎ᠠ ᠲᠤᠰᠬᠤᠨ ᠤ ᠨᠢᠭᠡᠳᠤᠭᠡᠷ ᠱᠦᠵᠢ᠂ ᠬᠤᠪᠢ ᠶᠢᠨ ᠠᠵᠤ ᠠᠬᠤᠶᠢᠯᠡᠯᠳᠠᠨ 80 ᠭᠠᠷᠤᠢ ᠬᠦᠮᠦᠨ ᠤᠷᠤᠯᠴᠠᠵᠤ᠂ ᠲᠤᠰᠬᠠᠢ ᠪᠠᠭᠰᠢ ᠪᠤᠯᠤᠨ ᠤᠷᠤᠨ ᠨᠣᠳᠤᠭ ᠤᠨ ᠰᠦᠯᠵᠢᠶᠠᠨ ᠤᠳᠣᠳ ᠠᠴᠠ ᠲᠢᠺ ᠲᠤᠺ ᠲᠠᠪᠴᠠᠩ ᠢ ᠭᠡᠷᠬᠢᠨ ᠵᠦᠪ ᠰᠠᠶᠢᠬᠠᠨ ᠠᠰᠢᠭᠯᠠᠬᠤ᠂ ᠭᠡᠷᠬᠢᠨ ᠰᠢᠭᠤᠳ ᠨᠡᠪᠳᠡᠷᠡᠭᠦᠯᠭᠡ ᠬᠢᠭᠦ᠂ ᠭᠡᠷᠬᠢᠨ ᠣᠬᠤᠷ ᠪᠢᠴᠢᠯᠭᠡ ᠶᠢ ᠬᠠᠶᠢᠴᠢᠯᠠᠵᠤ ᠡᠰᠭᠡᠭᠦ᠂ ᠭᠡᠷᠬᠢᠨ ᠦᠵᠡᠭᠴᠢᠳ ᠤᠨ ᠠᠩᠬᠠᠷᠤᠯ ᠢ ᠲᠠᠳᠠᠬᠤ᠂ ᠭᠡᠷᠭᠢᠨ ᠤᠷᠤᠨ ᠨᠣᠳᠤᠭ ᠤᠨ ᠣᠨᠴᠠᠯᠢᠭ ᠲᠤ ᠲᠤᠬᠢᠷᠠᠭᠰᠠᠨ ᠠᠷᠭ᠎ᠠ ᠭᠡᠯᠪᠡᠷᠢ ᠪᠠᠷ ᠪᠠᠷᠠᠭ᠎ᠠ ᠪᠠᠨ ᠬᠤᠳᠠᠯᠳᠤᠬᠤ ᠵᠡᠷᠭᠡ ᠤᠯᠠᠨ ᠲᠠᠯ᠎ᠠ ᠪᠠᠷ ᠬᠢᠴᠢᠶᠡᠯᠯᠡᠭᠡ ᠬᠢᠭᠰᠡᠨ ᠪᠠᠶᠢᠨ᠎ᠠ᠃ ᠬᠤᠶᠠᠷ ᠡᠳᠤᠷ ᠤᠨ ᠬᠤᠭᠤᠴᠠᠭ᠎ᠠ ᠲᠠᠢ ᠶᠠᠪᠤᠭᠳᠠᠭᠰᠠᠨ ᠲᠤᠰ ᠤᠳᠠᠭᠠᠨ ᠤ ᠡᠯᠧᠺᠲᠷᠤᠨ ᠬᠤᠳᠠᠯᠳᠤᠭᠠᠨ ᠤ ᠰᠢᠭᠤᠳ ᠨᠡᠪᠳᠡᠷᠡᠭᠦᠯᠭᠡ ᠶᠢᠨ ᠬᠢᠴᠢᠶᠡᠯᠯᠡᠭᠡ  ᠨᠢ ᠤᠨᠣᠯ ᠤᠨ ᠬᠢᠴᠢᠶᠡᠯᠯᠡᠭᠡ ᠠᠴᠠ ᠭᠠᠳᠠᠨ᠎ᠠ ᠮᠠᠨ ᠤ ᠤᠷᠤᠨ ᠨᠣᠳᠤᠭ ᠤᠨ ᠣᠨᠴᠠ ᠭᠠᠷᠤᠯᠳᠠ ᠪᠤᠯᠬᠤ ᠲᠤᠳᠣᠷᠭ᠎ᠠ᠂ ᠬᠤᠨᠢᠨ ᠮᠢᠬ᠎ᠠ᠂ ᠮᠦᠭᠦ ᠵᠡᠷᠭᠡ ᠭᠡᠳᠤᠨ ᠲᠦᠷᠥᠯ ᠤᠨ ᠪᠠᠷᠠᠭ᠎ᠠ ᠲᠠᠸᠠᠷ ᠢᠶᠠᠷ ᠰᠢᠭᠤᠳ ᠨᠡᠪᠳᠡᠷᠡᠭᠦᠯᠭᠡ ᠬᠢᠵᠦ ᠪᠤᠷᠤᠯᠠᠭᠤᠯᠬᠤ ᠠᠷᠭ᠎ᠠ ᠵᠠᠮ ᠪᠤᠯᠤᠨ ᠰᠡᠳᠬᠢᠮᠵᠢ ᠶᠢᠨ ᠲᠠᠯ᠎ᠠ ᠪᠠᠷ ᠤᠶᠢᠯᠡᠳᠤᠯᠭᠡ ᠶᠢᠨ ᠬᠢᠴᠢᠶᠡᠯᠯᠡᠭᠡ ᠶᠢ ᠤᠷᠤᠭᠰᠠᠨ ᠠᠴᠠ ᠤᠯᠠᠨ ᠤ ᠤᠯᠤᠯᠲᠠ ᠴᠤ ᠶᠡᠭᠡ ᠪᠠᠶᠢᠯ᠎ᠠ᠃ 
ᠢᠷᠡᠯᠲᠡ᠄ ᠦᠦᠰᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ