ᠣᠶᠢᠷ᠎ᠠ ᠳᠤ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 1- 4 ᠰᠠᠷ᠎ᠠ ᠳᠤ᠂ ᠮᠠᠨ ᠤ ᠬᠤᠲᠠ ᠶᠢᠨ | ᠬᠡᠪᠴᠢᠶᠡᠵᠢᠯ ᠠᠴᠠ ᠳᠡᠭᠡᠭᠰᠢᠬᠢ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.4% ᠪᠠᠷ ᠨᠡᠮᠡᠭᠳᠡᠵᠦ᠂ ᠠᠭᠤᠷᠬᠠᠢ | ᠮᠠᠯᠲᠠᠬᠤ ᠦᠢᠯᠡᠰ᠂ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠴᠠ | ᠵᠠᠭᠤᠨ ᠤ ᠬᠤᠪᠢ ᠶᠢᠨ ᠬᠠᠷᠢᠴᠠᠯ ᠢᠶᠠᠷ 14.4 ᠪᠠ 0.1 ᠥᠨᠳᠥᠷ ᠪᠣᠯᠵᠤ᠂ 3 ᠰᠠᠷ᠎ᠠ ᠳᠠᠷᠠᠭᠠᠯᠠᠨ ᠬᠤᠶᠠᠷ ᠣᠷᠣᠨᠲᠤ ᠲᠤᠭ᠎ᠠ ᠪᠠᠷ ᠨᠡᠮᠡᠭᠳᠡᠬᠦ ᠶᠢ ᠪᠠᠲᠤᠯᠠᠵᠤ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 2.4 ᠳᠠᠶᠢᠴᠢᠯᠠᠨ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 31.8% ᠳᠤ ᠬᠦᠷᠴᠦ᠂ | ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ 29 ᠳᠡᠭᠡᠭᠰᠢᠯᠡᠵᠡᠢ᠃ ᠡᠭᠦᠨ ᠳᠤ᠂ ᠲᠣᠨᠣᠭᠯᠠᠯ ᠦᠢᠯᠡᠳᠬᠦ | ᠦᠢᠯᠡᠰ ᠤᠨ ᠢᠯᠡᠷᠡᠯ ᠲᠣᠪᠣᠶᠢᠮ᠎ᠠ ᠪᠠᠶᠢᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 167.7% ᠪᠠᠷ ᠨᠡᠮᠡᠭᠳᠡᠨ᠂ ᠦᠢᠯᠡᠳᠬᠦ ᠦᠢᠯᠡᠰ ᠤᠨ | ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 19.2 ᠳᠠᠶᠢᠴᠢᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ ᠨᠡᠮᠡᠭᠳᠡᠯ ᠢ ᠵᠠᠭᠤᠨ ᠤ ᠬᠤᠪᠢ ᠶᠢᠨ ᠬᠠᠷᠢᠴᠠᠯ ᠢᠶᠠᠷ 2.4 ᠳᠠᠶᠢᠴᠢᠯᠠᠪᠠ᠃ |