3911 ᠬᠦᠮᠦᠨ ᠡᠯᠰᠡᠬᠦ ᠪᠠᠷ ᠲᠥᠯᠥᠪᠯᠡᠵᠤ ᠪᠠᠶᠢᠨ᠎ᠠ
ᠨᠡᠶᠢᠲᠡᠯᠡᠭᠰᠡᠨ ᠴᠠᠭ᠄
2024/5/8
      ᠲᠥᠪ ᠤᠨ ᠠᠯᠪᠠᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠨᠦᠬᠦᠵᠤ ᠡᠯᠰᠡᠬᠦ ᠠᠵᠢᠯ ᠥᠨᠥᠳᠤᠷ ᠠᠴᠠ ᠡᠬᠢᠯᠡᠵᠤ ᠨᠡᠷ᠎ᠡ ᠮᠡᠳᠡᠭᠦᠯᠦᠨ᠎ᠡ᠃ ᠲᠤᠰ ᠤᠳᠠᠭᠠᠨ ᠤ ᠠᠯᠪᠠᠲᠠᠨ ᠨᠥᠬᠦᠵᠤ ᠡᠯᠰᠡᠬᠦ ᠳᠤ 22 ᠰᠠᠯᠠᠭ᠎ᠠ ᠮᠦᠴᠢᠷ ᠤᠷᠤᠯᠴᠠᠨ᠂ ᠨᠡᠶᠢᠲᠡ 3911 ᠬᠦᠮᠦᠨ ᠡᠯᠰᠡᠬᠦ  ᠪᠠᠷ ᠲᠥᠯᠥᠪᠯᠡᠵᠤ ᠪᠠᠶᠢᠨ᠎ᠠ᠃      ᠲᠤᠰ ᠤᠳᠠᠭᠠᠨ ᠤ ᠠᠯᠪᠠᠲᠠᠨ ᠡᠯᠰᠡᠬᠦ ᠳᠤ᠂ ᠲᠥᠪ ᠤᠨ ᠠᠯᠪᠠᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠡᠯᠰᠡᠬᠦ ᠰᠢᠯᠭᠠᠯᠲᠠ ᠶᠢᠨ ᠣᠯᠠᠨ ᠨᠡᠶᠢᠲᠡ ᠶᠢᠨ ᠬᠢᠴᠢᠶᠡᠯ ᠤᠨ ᠪᠢᠷ ᠤᠨ ᠰᠢᠯᠭᠠᠯᠲᠠ ᠳᠤ ᠬᠢᠷᠢ ᠲᠡᠩᠴᠡᠭᠰᠡᠨ ᠪᠤᠯᠪᠠᠴᠦ ᠤᠤᠯ ᠤᠨ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢᠨ ᠳᠤ ᠡᠯᠰᠡᠭᠳᠡᠭᠰᠡᠨ ᠦᠭᠡᠢ ᠬᠦᠮᠦᠰ ᠨᠡᠷ᠎ᠡ ᠮᠡᠳᠡᠭᠦᠯᠵᠤ ᠪᠤᠯᠤᠨ᠎ᠠ᠃      ᠨᠡᠷ᠎ᠡ ᠮᠡᠳᠡᠭᠦᠯᠬᠦ ᠬᠦᠮᠦᠰ 5 ᠰᠠᠷ᠎ᠠ ᠶᠢᠨ 8 ᠤ ᠡᠳᠦᠷ ᠠᠴᠠ 10 ᠤ ᠡᠳᠦᠷ ᠤᠨ 18᠄ 00 ᠪᠤᠯᠲᠠᠯ᠎ᠠ ︽ᠲᠥᠪ ᠤᠨ ᠠᠯᠪᠠᠨ ᠪᠠᠶᠢᠭᠤᠯᠭ᠎ᠠ ᠵᠢᠴᠢ ᠰᠢᠭᠤᠳ ᠬᠠᠷᠢᠶ᠎ᠠ ᠪᠠᠶᠢᠭᠤᠯᠤᠮᠵᠢ ᠶᠢᠨ 2024 ᠣᠨ ᠤ ᠠᠯᠪᠠᠲᠠᠨ ᠡᠯᠰᠡᠬᠦ ᠲᠤᠰᠬᠠᠢ ᠰᠦᠯᠵᠢᠶ᠎ᠡ︾ ᠳᠤ ᠭᠠᠷᠴᠦ ᠨᠡᠷ᠎ᠡ ᠪᠠᠨ ᠮᠡᠳᠡᠭᠦᠯᠵᠤ᠂ ᠨᠢᠭᠤᠷᠳᠠᠨ ᠰᠢᠯᠭᠠᠯᠲᠠ ᠶᠢ ᠲᠠᠪᠤᠳᠤᠭᠠᠷ ᠰᠠᠷ᠎ᠠ ᠶᠢᠨ ᠰᠡᠭᠦᠯᠴᠢ ᠪᠠᠷ ᠶᠠᠪᠤᠭᠳᠠᠭᠤᠯᠬᠤ ᠪᠤᠯᠤᠨ᠎ᠠ᠃    
ᠢᠷᠡᠯᠲᠡ᠄ ᠠᠷᠠᠳ ᠤᠨ ᠰᠦᠯᠵᠢᠶ᠎ᠡ