ᠰᠢ ᠶᠢᠨ ᠫᠢᠩ ᠬᠥᠬᠡᠨᠠᠭᠤᠷ ᠲᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/6/21
    18 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠬᠥᠬᠡᠨᠠᠭᠤᠷ ᠮᠤᠵᠢ ᠳᠤ ᠰᠢᠨᠵᠢᠯᠡᠨ ᠪᠠᠶᠢᠴᠠᠭᠠᠪᠠ᠃ ᠲᠡᠷᠡ ᠤᠷᠢᠳ ᠬᠤᠵᠢᠳ ᠰᠢᠨᠢᠩ ᠬᠤᠲᠠ ᠶᠢᠨ ᠭᠤᠯᠤᠭ ᠰᠢᠨᠢᠩ ᠦᠨᠳᠦᠰᠦᠲᠡᠨ ᠤ ᠳᠤᠮᠳᠠᠳᠤ ᠰᠤᠷᠭᠠᠭᠤᠯᠢ ᠬᠢᠭᠡᠳ ᠬᠤᠩ ᠵᠢᠤᠸᠠᠢ ᠰᠧ ᠬᠡᠶᠢᠳ ᠲᠤ ᠬᠦᠷᠴᠦ᠂ ᠲᠤᠬᠠᠢ ᠶᠢᠨ ᠭᠠᠵᠠᠷ ᠤᠨ ᠰᠤᠷᠭᠠᠨ ᠬᠥᠮᠦᠵᠢᠯ ᠤᠨ ᠠᠵᠢᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠪᠠ ᠠᠵᠢᠯ ᠲᠦᠷᠦᠯ ᠢᠶᠠᠷ ᠢᠶᠠᠨ ᠳᠡᠮᠵᠢᠨ ᠲᠤᠰᠠᠯᠠᠯᠴᠠᠬᠤ ᠶᠢ ᠭᠦᠨᠵᠡᠭᠡᠢ ᠠᠬᠢᠭᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠬᠦᠮᠦᠵᠢᠯ ᠪᠠ ᠲᠥᠪᠡᠳ ᠤᠨ ᠪᠤᠳ᠋ᠳ᠋ᠾᠠ ᠶᠢᠨ ᠱᠠᠰᠢᠨ ᠤ ᠡᠲᠡᠭᠡᠳ ᠤᠨ ᠬᠢᠨ ᠤ ᠤᠯᠤᠰ ᠢᠶᠠᠨ ᠬᠠᠶᠢᠷᠠᠯᠠᠬᠤ ᠱᠠᠰᠢᠨ ᠢᠶᠠᠨ ᠬᠠᠶᠢᠷᠠᠯᠠᠬᠤ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠵᠡᠷᠭᠡ ᠪᠠᠶᠢᠳᠠᠯ ᠢ ᠣᠶᠢᠯᠠᠭᠠᠪᠠ᠃   
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ