ᠰᠢᠨᠬᠤᠸᠠ ᠬᠤᠷᠢᠶ᠎ᠠ ᠶᠢᠨ ᠶᠠᠨ ᠠᠨ ᠤ 6 ᠰᠠᠷ᠎ᠠ ᠶᠢᠨ 19 ᠤ ᠴᠠᠭᠢᠯᠭᠠᠨ ᠮᠡᠳᠡᠭᠡ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ | ᠲᠦᠷᠦ ᠶᠢᠨ ᠠᠵᠢᠯ ᠤᠨ ᠬᠤᠷᠠᠯ 17 ᠠᠴᠠ 19 ᠤ ᠡᠳᠦᠷ ᠪᠤᠯᠲᠠᠯ᠎ᠠ ᠱᠠᠨᠰᠢ ᠶᠢᠨ ᠶᠠᠨ ᠠᠨ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ | ᠴᠢᠬᠤᠯᠠ ᠶᠠᠷᠢᠶ᠎ᠠ ᠲᠠᠯᠪᠢᠪᠠ᠃ ᠰᠢ ᠶᠢᠨ ᠫᠢᠩ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ | ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠪᠠᠷ ᠴᠡᠷᠢᠭ ᠪᠠᠶᠢᠭᠤᠯᠬᠤ ᠴᠠᠭ | ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠦᠢᠯᠪᠤᠷᠢᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ | ᠪᠠᠳᠠᠷᠠᠭᠤᠯᠵᠤ᠂ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠤᠰ ᠲᠦᠷᠦ ᠪᠠᠲᠤ ᠴᠢᠩᠭ᠎ᠠ᠂ ᠴᠢᠳᠠᠪᠤᠷᠢ | ᠴᠠᠭᠠᠷᠠᠭᠰᠠᠨ ᠪᠠᠲᠤ ᠴᠢᠩᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢ ᠳᠠᠪᠲᠠᠨ ᠪᠤᠯᠪᠠᠰᠤᠷᠠᠭᠤᠯᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ | ᠡᠭᠦᠷᠭᠡᠯᠡᠬᠦ᠂ ᠴᠡᠷᠢᠭ ᠢ ᠬᠦᠴᠦᠷᠬᠡᠭᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠳᠠᠪᠲᠠᠨ | ᠪᠤᠯᠪᠠᠰᠤᠷᠠᠭᠤᠯᠵᠤ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | | | 6 ᠰᠠᠷ᠎ᠠ ᠶᠢᠨ 17 ᠠᠴᠠ 19 ᠤ ᠡᠳᠦᠷ ᠪᠤᠯᠲᠠᠯ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ | ᠱᠠᠨᠰᠢ ᠶᠢᠨ ᠶᠠᠨ ᠠᠨ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ 17 ᠤ ᠦᠳᠡ ᠶᠢᠨ | ᠬᠤᠶᠢᠨ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠪᠦᠦ ᠲᠠ ᠱᠠᠨ ᠠᠭᠤᠯᠠᠨ ᠬᠤᠷᠮᠣᠢ ᠳᠤ᠂ ᠶᠠᠨᠾᠧ ᠭᠤᠣᠯ ᠤᠨ ᠬᠥᠪᠡᠭᠡᠨ ᠳᠤ᠂ ᠬᠤᠪᠢᠰᠬᠠᠯ ᠤᠨ ᠭᠤᠯᠣᠮᠲᠠ ᠶᠠᠨ ᠠᠨ ᠬᠠᠷᠠᠭ᠎ᠠ ᠳᠦᠭᠦᠷᠡᠩ ᠴᠡᠯᠡᠭᠡᠷ | ᠰᠠᠬᠤᠯᠢᠭ ᠪᠠᠶᠢᠵᠤ᠂ ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ 17 ᠤ ᠦᠳᠡ ᠶᠢᠨ ᠬᠤᠶᠢᠨᠠᠬᠢ 3 ᠴᠠᠭ ᠤᠨ ᠦᠶ᠎ᠡ ᠪᠠᠷ᠂ ᠰᠢ ᠶᠢᠨ ᠫᠢᠩ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠪᠠᠭ ᠤᠨ ᠬᠢᠨ ᠪᠣᠯᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠢ ᠳᠠᠭᠠᠭᠤᠯᠤᠨ | ᠸᠠᠩ ᠵᠢᠶᠠ ᠫᠢᠩ ᠤᠨ ᠬᠤᠪᠢᠰᠬᠠᠯ ᠤᠨ ᠬᠠᠭᠤᠴᠢᠨ ᠪᠠᠭᠤᠷᠢ ᠳᠤ ᠪᠠᠷᠠᠳᠠᠪᠠ᠃ ᠸᠠᠩ ᠵᠢᠶᠠ ᠫᠢᠩ ᠪᠣᠯ 1937 ᠣᠨ ᠤ 8 ᠰᠠᠷ᠎ᠠ ᠠᠴᠠ 1947 ᠣᠨ ᠤ 3 | ᠰᠠᠷ᠎ᠠ ᠪᠤᠯᠲᠠᠯ᠎ᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠰᠠᠭᠤᠭ᠎ᠠ ᠭᠠᠵᠠᠷ ᠪᠠᠶᠢᠵᠤ᠂ ᠶᠠᠨ ᠠᠨ ᠤ ᠦᠶ᠎ᠡ ᠶᠢᠨ ᠨᠠᠮ ᠤᠨ ᠲᠥᠪ ᠬᠤᠷᠢᠶ᠎ᠠ ᠪᠣᠯᠣᠨ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠵᠢᠯᠤᠭᠤᠳᠬᠤ ᠲᠥᠪ ᠪᠣᠯᠣᠨ᠎ᠠ᠃ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠬᠤᠷᠠᠯ ᠤᠨ ᠭᠡᠷ ᠲᠤ᠂ ᠰᠢ ᠶᠢᠨ ᠫᠢᠩ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠶᠠᠨ ᠠᠨ ᠤ ᠴᠠᠭ ᠦᠶ᠎ᠡ ᠶᠢᠨ ᠴᠢᠬᠤᠯᠠ ᠶᠡᠭᠡ | ᠳᠠᠶᠢᠯᠠᠯᠳᠤᠭᠠᠨ ᠢ ᠨᠢᠭᠡᠳᠦᠯᠲᠡᠢ ᠲᠥᠯᠥᠪᠯᠡᠨ ᠵᠢᠯᠣᠭᠤᠳᠤᠭᠰᠠᠨ ᠪᠠᠶᠢᠳᠠᠯ ᠢ ᠲᠤᠰᠬᠠᠭᠰᠠᠨ ᠲᠡᠦᠬᠡ ᠶᠢᠨ ᠵᠢᠷᠤᠭᠲᠤ ᠬᠦᠰᠦᠨᠦᠭᠲᠦ ᠶᠢ ᠦᠵᠡᠵᠦ᠂ ᠨᠠᠮ ᠤᠨ ᠲᠥᠪ | ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠳᠤᠷᠢᠳᠬᠤ ᠤᠶᠤᠨ ᠤᠬᠠᠭᠠᠨ ᠪᠣᠯᠣᠨ ᠤᠷᠠᠯᠢᠭ ᠢ ᠣᠶᠢᠯᠠᠭᠠᠵᠠᠢ᠃ ᠰᠢ ᠶᠢᠨ ᠫᠢᠩ ᠮᠠᠤ | ᠽᠧ ᠳ᠋ᠦᠩ᠂ ᠵᠧᠦ ᠧᠨ ᠯᠠᠢ᠂ ᠵᠦ ᠳ᠋ᠧ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠬᠠᠭᠤᠴᠢᠨ ᠰᠠᠭᠤᠴᠠ ᠳᠤ ᠬᠦᠷᠴᠦ᠂ ᠠᠬᠠᠮᠠᠳ ᠨᠢᠭᠡ | ᠦᠶ᠎ᠡ ᠶᠢᠨ ᠬᠤᠪᠢᠰᠬᠠᠯᠴᠢᠳ ᠤᠨ ᠶᠠᠨ ᠠᠨ ᠳᠤ ᠪᠠᠶᠢᠭᠰᠠᠨ ᠬᠤᠪᠢᠰᠬᠠᠯ ᠤᠨ ᠥᠩᠭᠡᠷᠡᠯᠲᠡ ᠶᠢ ᠡᠷᠭᠢᠴᠡᠭᠦᠯᠵᠦ᠂ ᠳᠡᠳᠡᠨ ᠤ ᠠᠭᠤᠤ ᠭᠠᠪᠢᠶ᠎ᠠ ᠠᠤᠭ᠎ᠠ ᠵᠢᠳᠬᠦᠯ ᠢ | ᠳᠤᠷᠠᠰᠤᠨ ᠰᠠᠨᠠᠭᠠᠯᠵᠠᠪᠠ᠃ ︽ᠲᠤᠭᠤᠷ ᠤᠨ ᠤᠢ ᠶᠢᠨ ᠠᠭᠤᠳᠠᠮ ᠲᠠᠯᠠᠪᠠᠢ︾ ᠪᠠᠷ ᠥᠩᠭᠡᠷᠡᠬᠦ ᠳᠡᠭᠡᠨ᠂ ᠰᠢ ᠶᠢᠨ ᠫᠢᠩ ᠱᠠᠨᠰᠢ ᠭᠠᠨᠰᠤ ᠨᠢᠩᠰᠢᠶᠠ ᠶᠢᠨ ᠬᠢᠵᠠᠭᠠᠷ | ᠣᠷᠣᠨ ᠤ ᠬᠤᠶᠠᠷ ᠢ ᠬᠦᠷᠢᠶᠡᠯᠡᠬᠦ ᠬᠥᠳᠡᠯᠭᠡᠭᠡᠨ ᠢ ᠪᠦᠲᠦᠭᠡᠯᠴᠢ ᠪᠠᠷ ᠥᠷᠨᠢᠭᠦᠯᠦᠭᠰᠡᠨ ᠪᠠᠶᠢᠳᠠᠯ ᠢ ᠣᠶᠢᠯᠠᠭᠠᠵᠤ᠂ ᠤᠯᠠᠨ ᠲᠠᠢ ᠬᠠᠮᠲᠤ ᠲᠤᠬᠠᠢ ᠶᠢᠨ ᠵᠢᠯ ᠤᠨ | ᠬᠤᠪᠢᠰᠬᠠᠯᠲᠤ ᠪᠠᠶᠠᠰᠤᠩᠭᠤᠢ ᠦᠵᠡᠯ ᠤᠨ ᠵᠣᠷᠢᠭ ᠰᠠᠨᠠᠭ᠎ᠠ ᠪᠠᠷ ᠪᠢᠯᠬᠠᠭᠰᠠᠨ ᠲᠠᠶᠢᠴᠢᠨ ᠠᠮᠢᠳᠤᠷᠠᠯ ᠢ ᠡᠷᠭᠢᠴᠡᠭᠦᠯᠪᠡ᠃ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠶᠣᠰᠣᠯᠠᠯ ᠤᠨ ᠲᠠᠩᠬᠢᠮ ᠳᠤ᠂ ᠰᠢ ᠶᠢᠨ ᠫᠢᠩ ᠲᠡᠦᠬᠡ ᠶᠢᠨ ᠭᠡᠷᠡᠯ ᠵᠢᠷᠤᠭ ᠢ ᠨᠠᠷᠢᠯᠢᠭ ᠦᠵᠡᠵᠦ᠂ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ | ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠦᠭᠦ ᠦᠨᠳᠦᠰᠦᠲᠡᠨ ᠤ ᠶᠠᠫᠤᠨ ᠢ ᠡᠰᠡᠷᠭᠦᠴᠡᠬᠦ ᠲᠠᠶᠢᠨ ᠪᠣᠯᠣᠨ ᠴᠢᠯᠦᠭᠡᠯᠡᠬᠦ | ᠲᠠᠶᠢᠨ ᠢ ᠤᠳᠤᠷᠢᠳᠤᠭᠰᠠᠨ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠪᠡ᠃ ᠰᠢ ᠶᠢᠨ ᠫᠢᠩ᠂ 10 ᠵᠢᠯ ᠤᠨ ᠡᠮᠦᠨ᠎ᠡ ᠪᠢᠳᠡ ᠭᠦ᠋ ᠲᠢᠶᠠᠨ ᠳᠤ ᠬᠦᠷᠴᠦ | ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠂ ᠡᠨᠡ ᠡᠳᠦᠷ ᠪᠢᠳᠡ ᠶᠠᠨ ᠠᠨ ᠳᠤ ᠢᠷᠡᠵᠦ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠠᠰᠠ ᠨᠢᠭᠡ ᠤᠳᠠᠭ᠎ᠠ ᠤᠭ ᠦᠨᠳᠦᠰᠦ ᠪᠠᠨ ᠡᠷᠢᠵᠦ᠂ ᠡᠬᠢ ᠡᠭᠦᠰᠦᠯ ᠢᠶᠠᠨ | ᠬᠠᠶᠢᠪᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢᠶᠠᠨ ᠬᠦᠴᠦᠷᠬᠡᠭᠵᠢᠭᠦᠯᠬᠦ ᠠᠯᠤᠰ ᠢᠷᠡᠭᠡᠳᠦᠢ ᠭᠡᠭᠡᠨ ᠰᠠᠷᠠᠭᠤᠯ᠂ | ᠡᠭᠦᠷᠭᠡ ᠪᠡᠷᠬᠡ ᠬᠠᠲᠠᠭᠤᠵᠢᠯᠲᠠᠢ ᠪᠠᠶᠢᠨ᠎ᠠ᠃ ᠪᠦᠭᠦ ᠴᠡᠷᠢᠭ ᠤᠨ ᠳᠡᠭᠡᠳᠦ ᠲᠡᠰ ᠤᠨ ᠺᠠᠳ᠋ᠷᠴᠤᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ | ᠶᠠᠨ ᠠᠨ ᠤ ᠵᠣᠷᠢᠭ ᠰᠠᠨᠠᠭ᠎ᠠ ᠶᠢ ᠲᠦᠷᠦᠭᠦᠯᠡᠨ ᠪᠠᠳᠠᠷᠠᠭᠤᠯᠵᠤ᠂ ᠬᠤᠪᠢᠰᠬᠠᠯᠲᠤ ᠴᠢᠨᠠᠷᠲᠠᠢ ᠳᠠᠪᠲᠠᠨ ᠪᠣᠯᠪᠠᠰᠤᠷᠠᠭᠤᠯᠤᠯᠲᠠ ᠶᠢ ᠲᠦᠷᠦᠭᠦᠯᠡᠨ ᠴᠢᠩᠭᠠᠳᠬᠠᠵᠤ᠂ ᠨᠠᠮ | ᠪᠣᠯᠣᠨ ᠠᠷᠠᠳ ᠲᠦᠮᠡᠨ ᠠᠴᠠ ᠣᠯᠭᠤᠭᠰᠠᠨ ᠲᠡᠦᠬᠡᠲᠦ ᠬᠦᠨᠳᠦ ᠡᠭᠦᠷᠭᠡ ᠶᠢ ᠡᠭᠦᠷᠭᠡᠯᠡᠵᠦ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠢ ᠪᠦᠯᠬᠦᠮᠳᠡᠭᠦᠯᠦᠨ | ᠳᠠᠭᠠᠭᠤᠯᠵᠤ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠴᠡᠷᠢᠭ ᠢ ᠬᠦᠴᠦᠷᠬᠡᠭᠵᠢᠭᠦᠯᠬᠦ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | 6 ᠰᠠᠷ᠎ᠠ ᠶᠢᠨ 17 ᠠᠴᠠ 19 ᠤ ᠡᠳᠦᠷ ᠪᠤᠯᠲᠠᠯ᠎ᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ | ᠱᠠᠨᠰᠢ ᠶᠢᠨ ᠶᠠᠨ ᠠᠨ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠵᠢᠷᠤᠭ ᠪᠣᠯ 17 ᠤ ᠦᠳᠡ ᠶᠢᠨ | ᠬᠤᠶᠢᠨ᠎ᠠ᠂ ᠰᠢ ᠶᠢᠨ ᠫᠢᠩ ᠬᠤᠷᠠᠯ ᠤᠨ ᠪᠦᠭᠦ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ ᠠᠪᠴᠤ ᠠᠭᠤᠯᠵᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠯᠢ ᠭᠠᠩ ᠰᠡᠭᠦᠳᠡᠷᠯᠡᠪᠡ | ᠲᠠᠷᠠᠭ᠎ᠠ ᠨᠢ᠂ ᠰᠢ ᠶᠢᠨ ᠫᠢᠩ ᠳᠤᠮᠳᠠᠳᠤ ᠤᠯᠤᠰ ᠤᠨ ᠶᠠᠨ ᠠᠨ ᠤ ᠺᠠᠳ᠋ᠷ ᠤᠨ ᠳᠡᠭᠡᠳᠦ ᠰᠤᠷᠭᠠᠭᠤᠯᠢ ᠳᠤ ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ | ᠳᠤᠮᠳᠠ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠤᠨ ᠪᠦᠭᠦ ᠲᠥᠯᠥᠭᠡᠯᠡᠭᠴᠢᠳ ᠢ ᠳᠣᠲᠣᠨᠣ ᠪᠠᠷ ᠭᠥᠯᠢᠶᠡᠨ | ᠠᠪᠴᠤ ᠠᠭᠤᠯᠵᠠᠵᠤ᠂ ᠤᠯᠠᠨ ᠲᠠᠢ ᠬᠠᠮᠲᠤ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ | ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ | ᠬᠤᠷᠢᠶ᠎ᠠ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ ᠭᠦ᠋ ᠲᠢᠶᠠᠨ ᠤ ᠪᠦᠭᠦ ᠴᠡᠷᠢᠭ ᠤᠨ ᠤᠯᠤᠰ ᠲᠦᠷᠦ ᠶᠢᠨ ᠠᠵᠢᠯ ᠤᠨ ᠬᠤᠷᠠᠯ ᠢ | ᠬᠤᠷᠠᠯᠳᠤᠭᠤᠯᠵᠤ᠂ ᠰᠤᠷᠲᠠᠯ ᠴᠡᠭᠴᠡᠯᠡᠬᠦ ᠵᠣᠷᠢᠭ ᠰᠠᠨᠠᠭ᠎ᠠ ᠪᠠᠷ ᠤᠯᠤᠰ ᠲᠦᠷᠦ ᠶᠢᠨ ᠴᠡᠭᠴᠡᠯᠡᠯᠲᠡ ᠪᠣᠯᠪᠠᠰᠤᠷᠠᠯ ᠢ ᠠᠬᠢᠭᠤᠯᠵᠤ᠂ ᠡᠷᠡᠰ ᠭᠤᠶᠢᠪᠢᠰᠢ ᠦᠭᠡᠢ ᠪᠠᠷ | ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠭᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠠᠵᠢᠯ ᠢ ᠠᠬᠢᠭᠤᠯᠵᠤ᠂ ᠰᠢᠢᠳᠮᠡᠭ ᠵᠣᠷᠢᠭ ᠨᠢ ᠤᠷᠢᠳ ᠡᠮᠦᠨ᠎ᠡ ᠪᠠᠶᠢᠭ᠎ᠠ | ᠦᠭᠡᠢ᠂ ᠡᠷᠴᠢᠮ ᠤᠨ ᠶᠡᠭᠡ ᠨᠢ ᠤᠷᠢᠳ ᠡᠮᠦᠨ᠎ᠡ ᠪᠠᠶᠢᠭ᠎ᠠ ᠦᠭᠡᠢ᠂ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠲᠡᠦᠬᠡᠲᠦ | ᠴᠢᠨᠠᠷᠲᠠᠢ ᠠᠮᠵᠢᠯᠲᠠ ᠪᠦᠲᠦᠮᠵᠢ ᠣᠯᠪᠠ᠃ ᠬᠡᠷᠪᠡ ᠤᠯᠤᠰ ᠲᠦᠷᠦ ᠶᠢᠨ ᠲᠠᠯ᠎ᠠ ᠪᠠᠷ ᠬᠢ ᠬᠤᠪᠢᠰᠬᠠᠯᠲᠤ ᠴᠢᠨᠠᠷᠲᠠᠢ ᠳᠠᠪᠲᠠᠯᠲᠠ ᠦᠭᠡᠢ ᠪᠣᠯ ᠰᠢᠨ᠎ᠡ ᠴᠠᠭ | ᠦᠶ᠎ᠡ ᠶᠢᠨ ᠠᠷᠠᠳ ᠤᠨ ᠴᠡᠷᠢᠭ ᠠᠩᠭᠢ ᠶᠢᠨ ᠠᠭᠤᠤ ᠶᠡᠭᠡ ᠬᠤᠪᠢᠰᠤᠯᠲᠠ ᠪᠠᠶᠢᠵᠤ ᠴᠢᠳᠠᠬᠤ ᠦᠭᠡᠢ ᠶᠤᠮ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠤᠯᠤᠰ ᠲᠦᠷᠦ ᠪᠠᠷ ᠴᠡᠷᠢᠭ ᠪᠠᠶᠢᠭᠤᠯᠬᠤ ᠤᠨᠤᠯ ᠤᠨ ᠰᠦᠪᠡᠭᠴᠢᠯᠡᠯᠲᠡ | ᠪᠠ ᠦᠢᠯᠡᠳᠦᠯᠭᠡ ᠶᠢᠨ ᠡᠭᠦᠳᠦᠯᠲᠡ ᠶᠢ ᠭᠦᠨᠵᠡᠭᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ | ᠪᠦᠷᠢᠯᠳᠦᠭᠦᠯᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠪᠣᠯ ᠠᠷᠠᠳ ᠤᠨ ᠴᠡᠷᠢᠭ ᠠᠩᠭᠢ ᠶᠢᠨ ᠴᠡᠷᠢᠭ ᠪᠠᠶᠢᠭᠤᠯᠬᠤ ᠶᠢᠨ ᠦᠨᠳᠦᠰᠦ ᠮᠥᠨ ᠭᠡᠳᠡᠭ ᠢ | ᠲᠣᠳᠣᠷᠬᠠᠶᠢᠯᠠᠵᠤ᠂ ᠤᠯᠤᠰ ᠲᠦᠷᠦ ᠶᠢᠨ ᠠᠵᠢᠯ ᠪᠣᠯ ᠮᠠᠨ ᠤ ᠴᠡᠷᠢᠭ ᠤᠨ ᠡᠭᠦᠷᠢᠳᠡ ᠶᠢᠨ ᠠᠮᠢᠨ ᠰᠤᠳᠠᠰᠤ ᠮᠥᠨ ᠭᠡᠳᠡᠭ ᠢ ᠲᠣᠳᠣᠷᠬᠠᠶᠢᠯᠠᠵᠤ᠂ ᠤᠯᠤᠰ | ᠲᠦᠷᠦ ᠶᠢᠨ ᠴᠡᠭᠴᠡᠯᠡᠯᠲᠡ ᠪᠣᠯᠪᠠᠰᠤᠷᠠᠯ ᠳᠤ ᠤᠯᠤᠰ ᠲᠦᠷᠦ ᠶᠢᠨ ᠲᠠᠯ᠎ᠠ ᠪᠠᠷ ᠬᠢ ᠦᠨᠳᠦᠰᠦ ᠠᠴᠠ ᠨᠢ ᠴᠡᠭᠴᠡᠯᠡᠨ ᠵᠠᠰᠠᠬᠤ ᠶᠢ ᠲᠤᠪᠤᠶᠢᠯᠭᠠᠵᠦ᠂ ᠦᠵᠡᠯ | ᠰᠠᠨᠠᠭᠠᠨ ᠤ ᠤᠳᠤᠷᠢᠳᠤᠯᠭ᠎ᠠ ᠶᠢ ᠡᠵᠡᠮᠳᠡᠬᠦ ᠪᠣᠯ ᠠᠯᠢᠪᠠ ᠤᠳᠤᠷᠢᠳᠤᠯᠭ᠎ᠠ ᠶᠢ ᠡᠵᠡᠮᠳᠡᠬᠦ ᠶᠢᠨ ᠰᠠᠭᠤᠷᠢ ᠮᠥᠨ ᠭᠡᠳᠡᠭ ᠢ ᠲᠣᠳᠣᠷᠬᠠᠶᠢᠯᠠᠵᠤ᠂ ᠨᠠᠮ ᠤᠨ ᠬᠦᠴᠦᠨ | ᠵᠣᠬᠢᠶᠠᠨ ᠪᠠᠶᠢᠭᠤᠯᠤᠯᠲᠠ ᠠᠴᠠ ᠢᠷᠡᠬᠦ᠂ ᠴᠡᠷᠢᠭ ᠠᠩᠭᠢ ᠶᠢᠨ ᠨᠢᠭᠲᠠᠷᠠᠯ ᠤᠨ ᠬᠦᠴᠦᠨ ᠲᠠᠶᠢᠴᠢᠨ ᠬᠦᠴᠦᠨ ᠵᠣᠬᠢᠶᠠᠨ ᠪᠠᠶᠢᠭᠤᠯᠤᠯᠲᠠ ᠠᠴᠠ ᠢᠷᠡᠬᠦ ᠭᠡᠳᠡᠭ ᠢ | ᠲᠣᠳᠣᠷᠬᠠᠶᠢᠯᠠᠵᠤ᠂ ᠵᠡᠪᠰᠡᠭ ᠢ ᠢᠮᠠᠭᠲᠠ ᠨᠠᠮ ᠳᠠᠭᠠᠨ ᠦᠨᠡᠨᠴᠢ ᠰᠢᠳᠤᠷᠭᠤ ᠨᠠᠶᠢᠳᠠᠪᠤᠷᠢᠲᠠᠢ ᠬᠥᠮᠥᠨ ᠤ ᠭᠠᠷ ᠲᠤ ᠡᠵᠡᠮᠳᠡᠭᠦᠯᠬᠦ ᠬᠡᠷᠡᠭᠲᠡᠢ ᠭᠡᠳᠡᠭ ᠢ | ᠲᠣᠳᠣᠷᠬᠠᠶᠢᠯᠠᠵᠤ᠂ ᠴᠢᠩᠭ᠎ᠠ ᠪᠠᠶᠢᠪᠠᠯ ᠰᠠᠶ᠋ᠢ ᠬᠥᠲᠥᠯᠪᠦᠷᠢ ᠶᠢ ᠲᠥᠪ ᠪᠤᠯᠭᠠᠵᠤ᠂ ᠴᠢᠩᠭ᠎ᠠ ᠪᠠᠶᠢᠪᠠᠯ ᠰᠠᠶ᠋ᠢ ᠴᠡᠷᠢᠭ ᠤᠨ ᠰᠦᠷ ᠬᠦᠴᠦᠨ ᠢ ᠴᠢᠩᠳᠠᠯᠠᠵᠤ᠂ ᠴᠢᠩᠭ᠎ᠠ | ᠪᠠᠶᠢᠪᠠᠯ ᠰᠠᠶ᠋ᠢ ᠲᠠᠶᠢᠴᠢᠨ ᠬᠦᠴᠦᠨ ᠲᠠᠢ ᠪᠣᠯᠵᠤ ᠴᠢᠳᠠᠨ᠎ᠠ ᠭᠡᠳᠡᠭ ᠢ ᠲᠣᠳᠣᠷᠬᠠᠶᠢᠯᠠᠵᠤ᠂ ᠴᠡᠷᠢᠭ ᠠᠩᠭᠢ ᠶᠢᠨ ᠳᠣᠲᠣᠭᠠᠳᠤ ᠳᠤ ᠶᠠᠭᠠᠬᠢᠭᠰᠠᠨ ᠴᠤ ᠢᠯᠵᠠᠷᠠᠮᠠᠯ | ᠡᠲᠡᠭᠡᠳ ᠤᠨ ᠪᠡᠶ᠎ᠡ ᠳᠠᠯᠳᠠᠯᠠᠬᠤ ᠭᠠᠵᠠᠷ ᠪᠠᠶᠢᠵᠤ ᠪᠤᠯᠬᠤ ᠦᠭᠡᠢ ᠭᠡᠳᠡᠭ ᠢ ᠲᠣᠳᠣᠷᠬᠠᠶᠢᠯᠠᠵᠤ᠂ ᠰᠤᠷᠲᠠᠯ ᠰᠢᠯᠢᠳᠡᠭ ᠰᠠᠶᠢᠨ ᠪᠠᠶᠢᠮᠠᠨᠵᠢᠨ ᠰᠠᠶ᠋ᠢ ᠪᠠᠭᠠᠲᠤᠷᠯᠢᠭ ᠴᠡᠷᠢᠭ | ᠠᠩᠭᠢ ᠶᠢ ᠪᠠᠶᠢᠭᠤᠯᠵᠤ ᠲᠠᠶᠢᠯᠤᠨ᠎ᠠ ᠭᠡᠳᠡᠭ ᠢ ᠲᠣᠳᠣᠷᠬᠠᠶᠢᠯᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠪᠣᠯ ᠮᠠᠨ ᠤ ᠴᠡᠷᠢᠭ ᠤᠨ ᠢᠯᠠᠯᠲᠠ ᠣᠯᠬᠤ | ᠡᠷᠳᠡᠨᠢ ᠮᠥᠨ ᠭᠡᠳᠡᠭ ᠢ ᠲᠣᠳᠣᠷᠬᠠᠶᠢᠯᠠᠪᠠ᠃ ᠰᠢᠨ᠎ᠡ ᠴᠠᠭ ᠦᠶ᠎ᠡ ᠶᠢᠨ ᠤᠯᠤᠰ ᠲᠦᠷᠦ ᠪᠠᠷ ᠴᠡᠷᠢᠭ ᠪᠠᠶᠢᠭᠤᠯᠬᠤ ᠠᠷᠭ᠎ᠠ ᠪᠣᠳᠣᠯᠭ᠎ᠠ ᠶᠢ ᠪᠦᠭᠦ ᠲᠠᠯ᠎ᠠ ᠪᠠᠷ | ᠣᠨᠣᠪᠴᠢᠲᠠᠢ ᠰᠤᠷᠤᠯᠴᠠᠨ ᠣᠶᠢᠯᠠᠭᠠᠵᠤ᠂ ᠥᠴᠥᠬᠡᠨ ᠴᠦ ᠭᠤᠶᠢᠪᠢᠰᠢ ᠦᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠥᠭᠡᠳ ᠦᠢᠯᠡᠳᠦᠯᠭᠡ ᠶᠢᠨ ᠳᠤᠮᠳᠠ | ᠲᠠᠰᠤᠷᠠᠯᠲᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠣᠳᠣᠬᠠᠨ ᠳᠤ᠂ ᠳᠡᠯᠡᠬᠡᠢ ᠶᠢᠨ ᠪᠠᠶᠢᠳᠠᠯ᠂ ᠤᠯᠤᠰ ᠤᠨ ᠪᠠᠶᠢᠳᠠᠯ᠂ ᠨᠠᠮ ᠤᠨ ᠪᠠᠶᠢᠳᠠᠯ᠂ ᠴᠡᠷᠢᠭ ᠤᠨ ᠪᠠᠶᠢᠳᠠᠯ ᠳᠤ ᠴᠥᠮ ᠨᠠᠷᠢᠨ | ᠪᠤᠳᠤᠯᠢᠶᠠᠨᠲᠠᠢ ᠭᠦᠨᠵᠡᠭᠡᠢ ᠬᠤᠪᠢᠷᠠᠯᠲᠠ ᠭᠠᠷᠴᠤ᠂ ᠮᠠᠨ ᠤ ᠴᠡᠷᠢᠭ ᠤᠨ ᠤᠯᠤᠰ ᠲᠦᠷᠦ ᠶᠢᠨ ᠲᠠᠯ᠎ᠠ ᠪᠠᠷ ᠲᠤᠯᠭᠠᠷᠠᠵᠤ ᠪᠠᠶᠢᠭ᠎ᠠ ᠰᠢᠯᠭᠠᠯᠲᠠ ᠨᠠᠷᠢᠨ ᠪᠤᠳᠤᠯᠢᠶᠠᠨᠲᠠᠢ | ᠪᠠᠶᠢᠨ᠎ᠠ᠃ ᠤᠯᠤᠰ ᠲᠦᠷᠦ ᠪᠠᠷ ᠴᠡᠷᠢᠭ ᠪᠠᠶᠢᠭᠤᠯᠬᠤ ᠴᠠᠭ ᠦᠶ᠎ᠡ ᠶᠢᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠠᠵᠢᠯ ᠢ | ᠨᠢᠭᠡ ᠮᠥᠴᠡ ᠴᠦ ᠵᠣᠭᠰᠣᠯ ᠦᠭᠡᠢ ᠠᠬᠢᠭᠤᠯᠵᠤ᠂ ᠠᠷᠠᠳ ᠤᠨ ᠴᠡᠷᠢᠭ ᠠᠩᠭᠢ ᠶᠢᠨ ᠰᠢᠨᠵᠢ ᠴᠢᠨᠠᠷ ᠵᠣᠷᠢᠯᠲᠠ ᠪᠠᠨ ᠡᠭᠦᠷᠢᠳᠡ ᠬᠠᠳᠠᠭᠠᠯᠠᠵᠤ᠂ ᠢᠮᠠᠭᠲᠠ | ᠵᠣᠷᠢᠭᠲᠠᠢ ᠪᠠᠷ ᠪᠠᠶᠢᠯᠳᠤᠵᠤ ᠵᠠᠪᠠᠯ ᠢᠯᠠᠯᠲᠠ ᠣᠯᠵᠤ᠂ ᠢᠮᠠᠭᠲᠠ ᠪᠦᠯᠬᠦᠮᠳᠡᠨ ᠲᠡᠮᠡᠴᠡᠵᠦ᠂ ᠢᠮᠠᠭᠲᠠ ᠴᠢᠳᠠᠪᠤᠷᠢᠲᠠᠨ ᠴᠣᠯᠭᠤᠷᠠᠵᠤ᠂ ᠢᠮᠠᠭᠲᠠ ᠴᠡᠪᠡᠷ ᠴᠢᠬᠡᠴᠢ | ᠥᠩᠭᠡ ᠭᠡᠷᠡᠯ ᠲᠠᠢ ᠪᠠᠶᠢᠵᠤ᠂ ᠢᠮᠠᠭᠲᠠ ᠬᠠᠤᠯᠢ ᠴᠠᠭᠠᠵᠠ ᠰᠠᠬᠢᠯᠭ᠎ᠠ ᠪᠠᠲᠤ ᠶᠢ ᠴᠢᠩᠳᠠᠯᠠᠵᠤ᠂ ᠰᠢᠨ᠎ᠡ ᠴᠠᠭ ᠦᠶ᠎ᠡ ᠶᠢᠨ ᠨᠥᠬᠦᠴᠡᠯ ᠳᠣᠣᠷ᠎ᠠ ᠮᠠᠨ ᠤ ᠴᠡᠷᠢᠭ ᠤᠨ | ᠤᠯᠤᠰ ᠲᠦᠷᠦ ᠶᠢᠨ ᠳᠠᠪᠠᠭᠤᠯᠢᠭ ᠢ ᠲᠠᠰᠤᠷᠠᠯᠲᠠ ᠦᠭᠡᠢ ᠴᠢᠩᠭᠠᠳᠬᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠣᠳᠣᠬᠠᠨ ᠤ ᠤᠯᠤᠰ ᠲᠥᠷᠥ ᠪᠠᠷ ᠴᠡᠷᠢᠭ ᠪᠠᠶᠢᠭᠤᠯᠬᠤ ᠶᠢᠨ ᠰᠢᠢᠳᠪᠦᠷᠢᠯᠡᠬᠦ ᠴᠢᠬᠤᠯᠠᠲᠠᠢ ᠭᠦᠨ ᠳᠠᠪᠬᠤᠷᠭ᠎ᠠ ᠶᠢᠨ ᠵᠥᠷᠢᠴᠡᠯ ᠪᠣᠯᠣᠨ | ᠠᠰᠠᠭᠤᠳᠠᠯ ᠢ ᠭᠦᠨᠵᠡᠭᠡᠢ ᠵᠠᠳᠠᠯᠪᠠ᠃ ᠲᠡᠷᠡ᠂ ᠡᠳᠡᠭᠡᠷ ᠠᠰᠠᠭᠤᠳᠠᠯ ᠨᠢ ᠤᠯᠤᠰ ᠲᠦᠷᠦ᠂ ᠦᠵᠡᠯ ᠰᠠᠨᠠᠭ᠎ᠠ᠂ ᠵᠣᠬᠢᠶᠠᠨ ᠪᠠᠶᠢᠭᠤᠯᠤᠯᠲᠠ᠂ ᠰᠤᠷᠲᠠᠯ᠂ ᠰᠠᠬᠢᠯᠭ᠎ᠠ | ᠪᠠᠲᠤ ᠵᠡᠷᠭᠡ ᠲᠠᠯ᠎ᠠ ᠪᠠᠷ ᠢᠯᠡᠷᠡᠵᠦ᠂ ᠦᠨᠳᠦᠰᠦ ᠨᠢ ᠬᠦᠰᠡᠯᠡᠩ ᠢᠲᠡᠭᠡᠯ ᠪᠢᠰᠢᠷᠡᠯ᠂ ᠨᠠᠮᠴᠢ ᠴᠢᠨᠠᠷ ᠤᠨ ᠬᠡᠪ ᠪᠣᠯᠪᠠᠰᠤᠷᠠᠯ᠂ ᠤᠳᠤᠷᠢᠳᠬᠤ ᠺᠠᠳ᠋ᠷᠴᠤᠳ ᠤᠨ ᠶᠣᠰᠣ | ᠮᠣᠷᠠᠯ ᠬᠥᠮᠥᠨ ᠮᠥᠰᠥ ᠳᠡᠭᠡᠷ᠎ᠡ ᠪᠠᠶᠢᠨ᠎ᠠ᠃ ᠡᠯ᠎ᠡ ᠱᠠᠲᠤ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠥᠪᠡᠷ ᠢ ᠪᠠᠨ ᠲᠣᠯᠢᠳᠠᠵᠤ᠂ ᠨᠢᠭᠤᠷ ᠲᠠᠯ᠎ᠠ ᠬᠠᠶᠠᠬᠤ᠂ | ᠳᠤᠲᠠᠭᠳᠠᠯ ᠢᠶᠠᠨ ᠢᠯᠡᠴᠢᠯᠡᠬᠦ ᠰᠥᠰᠥ ᠵᠣᠷᠢᠭ ᠢᠶᠠᠷ ᠦᠨᠳᠦᠰᠦ ᠰᠤᠷᠪᠤᠯᠵᠢ ᠶᠢ ᠭᠦᠨ ᠠᠭᠤᠳᠠᠯᠵᠤ᠂ ᠰᠦᠭ ᠰᠦᠨᠡᠰᠦ ᠶᠢ ᠭᠦᠨᠳᠡᠭᠦ ᠣᠪᠣᠷ ᠢᠶᠠᠷ ᠭᠦᠨᠵᠡᠭᠡᠢ | ᠲᠤᠩᠭᠠᠨ ᠪᠣᠳᠣᠯᠬᠢᠯᠠᠵᠤ᠂ ᠨᠠᠷᠢᠨ ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ᠂ ᠦᠵᠡᠯ ᠰᠠᠨᠠᠭᠠᠨ ᠤ ᠦᠨᠳᠦᠰᠦᠨ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠤᠰ | ᠲᠥᠷᠥ ᠪᠠᠷ ᠴᠡᠷᠢᠭ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠨ᠎ᠡ ᠠᠶᠠᠨ ᠳᠤ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠳᠤ 6 ᠲᠠᠯ᠎ᠠ ᠶᠢᠨ ᠭᠤᠣᠯᠳᠠᠯᠭ᠎ᠠ ᠲᠠᠢ ᠠᠵᠢᠯ ᠢ ᠰᠠᠶᠢᠲᠤᠷ | ᠠᠳᠬᠤᠬᠤ ᠬᠡᠷᠡᠭᠲᠡᠢ᠃ ᠨᠢᠭᠡᠳᠦᠭᠡᠷ ᠲᠤ᠂ ᠦᠵᠡᠯ ᠰᠠᠨᠠᠭ᠎ᠠ ᠪᠠᠨ ᠥᠭᠡᠷᠡᠴᠢᠯᠡᠬᠦ ᠤᠬᠠᠮᠰᠠᠷᠲᠤ ᠴᠢᠨᠠᠷ ᠪᠠ ᠲᠦᠢᠯᠪᠤᠷᠢᠲᠤ ᠴᠢᠨᠠᠷ ᠢᠶᠠᠨ ᠴᠢᠩᠭᠠᠳᠬᠠᠨ᠎ᠠ᠃ ᠨᠠᠮ ᠤᠨ | ᠰᠢᠨ᠎ᠡ ᠶᠢ ᠡᠭᠦᠳᠦᠭᠰᠡᠨ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠤᠭ ᠪᠦᠲᠦᠭᠡᠯ ᠢ ᠤᠩᠰᠢᠵᠤ ᠤᠭ ᠵᠣᠬᠢᠶᠠᠯ ᠢ ᠣᠶᠢᠯᠠᠭᠠᠵᠤ ᠤᠭ | ᠶᠣᠰᠣ ᠶᠢ ᠣᠶᠢᠯᠠᠭᠠᠬᠤ ᠶᠢ ᠪᠠᠷᠢᠮᠲᠠᠯᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ | ᠳᠡᠭᠡᠳᠦ ᠲᠡᠰ ᠤᠨ ᠺᠠᠳ᠋ᠷ ᠲᠤ ᠡᠩ ᠲᠡᠷᠢᠭᠦᠨ ᠳᠤ ᠬᠥᠮᠦᠵᠢᠯ ᠬᠦᠷᠲᠡᠭᠡᠬᠦ ᠶᠢ ᠪᠠᠷᠢᠮᠲᠠᠯᠠᠵᠤ᠂ ᠮᠠᠨ ᠤ ᠴᠡᠷᠢᠭ ᠤᠨ ᠦᠵᠡᠯ ᠰᠠᠨᠠᠭ᠎ᠠ ᠤᠯᠤᠰ ᠲᠦᠷᠦ ᠶᠢᠨ | ᠬᠥᠮᠦᠵᠢᠯ ᠤᠨ ᠰᠢᠰᠲ᠋ᠧᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠤ ᠦᠷ᠎ᠡ ᠪᠦᠲᠦᠮᠵᠢ ᠪᠠᠷ ᠰᠤᠷᠤᠯᠴᠠᠯᠭ᠎ᠠ ᠶᠢᠨ ᠦᠷ᠎ᠡ ᠪᠦᠲᠦᠭᠡᠯ ᠢ | ᠰᠢᠯᠭᠠᠬᠤ ᠤᠳᠤᠷᠢᠳᠤᠮᠵᠢ ᠶᠢ ᠪᠠᠲᠤ ᠪᠤᠢ ᠪᠣᠯᠭᠠᠨ᠎ᠠ᠃ ᠬᠤᠶᠠᠳᠤᠭᠠᠷ ᠲᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠦᠴᠦᠨ᠂ ᠵᠣᠬᠢᠶᠠᠨ | ᠪᠠᠶᠢᠭᠤᠯᠬᠤ ᠬᠦᠴᠦᠨ᠂ ᠭᠦᠢᠴᠡᠳᠬᠡᠬᠦ ᠬᠦᠴᠦᠨ ᠢ ᠳᠡᠭᠡᠭᠰᠢᠯᠡᠭᠦᠯᠦᠨ᠎ᠡ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ | ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠶᠢ ᠠᠳᠬᠤᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠨᠠᠮ ᠤᠨ ᠤᠳᠤᠷᠢᠳᠤᠯᠭ᠎ᠠ ᠶᠢ ᠳᠠᠶᠢᠨ ᠳᠤ ᠪᠡᠯᠡᠳᠬᠡᠵᠦ ᠪᠠᠶᠢᠯᠳᠤᠭᠠᠨ ᠬᠢᠬᠦ ᠡᠯ᠎ᠡ ᠬᠦᠷᠢᠶ᠎ᠡ ᠪᠠ ᠪᠦᠭᠦ ᠶᠠᠪᠤᠴᠠ ᠳᠤ ᠲᠤᠭᠤᠰᠢᠯᠠᠭᠤᠯᠤᠨ᠎ᠠ᠃ | ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠬᠤᠷᠢᠶ᠎ᠠ ᠶᠢᠨ ᠬᠡᠷᠡᠭ ᠵᠥᠪᠯᠡᠬᠦ ᠰᠢᠢᠳᠪᠦᠷᠢᠲᠦ ᠪᠣᠳᠣᠯᠭ᠎ᠠ ᠲᠣᠭᠲᠠᠭᠠᠬᠤ | ᠳᠦᠷᠢᠮ ᠢ ᠰᠢᠯᠢᠳᠡᠭᠵᠢᠭᠦᠯᠵᠦ᠂ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠵᠥᠪᠯᠡᠯᠭᠡ ᠥᠭᠴᠦ ᠦᠨᠡᠯᠡᠨ ᠵᠢᠱᠢᠬᠦ ᠠᠵᠢᠯ ᠢ ᠴᠢᠩᠭᠠᠳᠬᠠᠨ᠎ᠠ᠃ ᠨᠠᠮ ᠤᠨ | ᠬᠤᠷᠢᠶ᠎ᠠ ᠶᠢᠨ ᠱᠦᠵᠢ ᠶᠢᠨ ᠨᠠᠮ ᠢ ᠬᠠᠮᠢᠶᠠᠷᠴᠤ ᠨᠠᠮ ᠢ ᠵᠠᠰᠠᠬᠤ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠭᠤᠷᠪᠠᠳᠤᠭᠠᠷ ᠲᠤ᠂ | ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠲᠤᠭᠤᠰᠢᠯᠠᠭᠤᠯᠵᠤ᠂ | ᠴᠡᠷᠢᠭ ᠠᠩᠭᠢ ᠶᠢᠨ ᠰᠠᠶᠢᠨ ᠺᠠᠳ᠋ᠷ ᠤᠨ ᠪᠠᠷᠢᠮᠵᠢᠶ᠎ᠠ ᠶᠢ ᠪᠦᠷᠢᠨ ᠪᠦᠲᠦᠨ ᠵᠥᠪ ᠣᠨᠣᠪᠴᠢᠲᠠᠢ ᠣᠶᠢᠯᠠᠭᠠᠨ ᠡᠵᠡᠮᠰᠢᠵᠦ᠂ ᠡᠨᠡ ᠬᠦ ᠪᠠᠷᠢᠮᠵᠢᠶ᠎ᠠ ᠶᠢ ᠺᠠᠳ᠋ᠷᠴᠤᠳ ᠤᠨ | ᠠᠵᠢᠯ ᠤᠨ ᠡᠯ᠎ᠡ ᠭᠤᠭᠴᠤᠭ᠎ᠠ ᠳᠤ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠺᠠᠳ᠋ᠷ ᠢ ᠬᠢᠨᠠᠨ ᠰᠢᠯᠭᠠᠬᠤ ᠠᠵᠢᠯ ᠢ ᠰᠠᠶᠢᠵᠢᠷᠠᠭᠤᠯᠵᠤ᠂ ᠬᠡᠷᠡᠭ ᠤᠴᠢᠷ ᠢ | ᠣᠶᠢᠯᠠᠭᠠᠵᠤ ᠬᠥᠮᠥᠨ ᠢ ᠲᠠᠨᠢᠬᠤ ᠳᠤ ᠨᠠᠷᠢᠯᠢᠭ ᠣᠨᠣᠴᠠᠲᠠᠢ ᠪᠠᠶᠢᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠭᠦ ᠬᠡᠯᠬᠢᠶ᠎ᠡ ᠵᠠᠮ ᠢᠶᠠᠷ ᠪᠦᠲᠦᠭᠡᠨ ᠪᠠᠶᠢᠭᠤᠯᠤᠯᠲᠠ ᠶᠢ | ᠠᠳᠬᠤᠬᠤ ᠣᠶᠢᠯᠠᠭᠠᠭᠳᠠᠬᠤᠨ ᠢ ᠲᠤᠭᠤᠰᠢᠯᠠᠭᠤᠯᠵᠤ᠂ ᠴᠢᠳᠠᠪᠤᠷᠢᠲᠠᠨ ᠢ ᠬᠥᠮᠥᠵᠢᠭᠦᠯᠬᠦ ᠶᠢ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠠᠳᠬᠤᠵᠤ᠂ ᠺᠠᠳ᠋ᠷ ᠤᠨ | ᠡᠩᠨᠡᠭᠡᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠥᠷᠪᠡᠳᠦᠭᠡᠷ ᠲᠤ᠂ ᠢᠯᠵᠠᠷᠠᠯ ᠤᠨ ᠡᠭᠦᠰᠦᠨ ᠳᠡᠯᠭᠡᠷᠡᠬᠦ | ᠬᠥᠷᠥᠰᠥ ᠰᠢᠷᠣᠢ ᠪᠠ ᠨᠥᠬᠦᠴᠡᠯ ᠢ ᠠᠷᠢᠯᠭᠠᠨ᠎ᠠ᠃ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠭᠤᠶᠢᠪᠢᠰᠢ ᠦᠭᠡᠢ ᠪᠠᠷᠢᠮᠲᠠᠯᠠᠵᠤ᠂ ᠦᠩᠭᠡᠨ ᠲᠠᠯ᠎ᠠ ᠪᠠ | ᠦᠨᠳᠦᠰᠦ ᠠᠴᠠ ᠨᠢ ᠵᠠᠰᠠᠵᠤ᠂ ᠰᠢᠰᠲ᠋ᠧᠮ ᠲᠠᠢ ᠵᠠᠰᠠᠵᠤ᠂ ᠨᠠᠮ ᠤᠨ ᠬᠤᠷᠢᠶ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠶᠢᠨ ᠬᠢᠨᠠᠯᠲᠠ ᠲᠠᠯᠪᠢᠬᠤ ᠬᠠᠷᠢᠭᠤᠴᠠᠯᠭ᠎ᠠ᠂ ᠠᠵᠢᠯ ᠲᠦᠷᠦᠯ ᠤᠨ ᠰᠠᠯᠠᠭ᠎ᠠ ᠮᠥᠴᠢᠷ ᠤᠨ ᠴᠢᠬᠡᠴᠢ ᠵᠠᠰᠠᠭ ᠤᠨ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠶᠢ | ᠨᠡᠪᠲᠡᠷᠡᠯᠴᠡᠭᠦᠯᠦᠨ ᠪᠣᠳᠠᠲᠠᠶᠢᠵᠢᠭᠤᠯᠵᠤ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠴᠡ ᠥᠷᠭᠡᠴᠡ ᠶᠢ ᠥᠷᠭᠡᠳᠬᠡᠨ᠎ᠡ᠃ ᠡᠷᠬᠡ ᠶᠢᠨ ᠲᠣᠬᠢᠷᠠᠭᠤᠯᠤᠯᠲᠠ ᠪᠠ | ᠠᠵᠢᠯᠯᠠᠭᠠᠨ ᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠰᠢᠨ᠎ᠡ ᠮᠠᠶ᠋ᠢᠭ ᠤᠨ ᠢᠯᠵᠠᠷᠠᠯ ᠪᠠ ᠲᠠᠯᠳᠠ ᠢᠯᠵᠠᠷᠠᠯ ᠢ ᠵᠠᠯᠬᠠᠭᠠᠨ ᠰᠢᠢᠳᠬᠡᠬᠦ ᠪᠠᠭᠠᠵᠢ ᠶᠢᠨ | ᠬᠠᠶᠢᠷᠴᠠᠭ ᠢ ᠪᠠᠶᠠᠯᠢᠭᠵᠢᠭᠤᠯᠤᠨ᠂ ᠳᠡᠭᠡᠳᠦ ᠳᠡᠰ ᠤᠨ ᠺᠠᠳ᠋ᠷ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠷᠬᠡ ᠪᠠᠨ ᠬᠡᠷᠡᠭᠯᠡᠬᠦ ᠲᠠᠯ᠎ᠠ ᠪᠠᠷ ᠬᠢ ᠪᠦᠭᠦ | ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠲᠠᠪᠤᠳᠤᠭᠠᠷ ᠲᠤ᠂ ᠠᠵᠢᠯ ᠬᠢᠵᠦ ᠦᠢᠯᠡᠰ ᠪᠣᠰᠬᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ | ᠬᠥᠭᠵᠢᠭᠡᠨ᠎ᠡ᠃ ᠰᠢᠨᠵᠢᠯᠡᠬᠦ ᠤᠬᠠᠭᠠᠨᠴᠢ ᠵᠠᠰᠠᠭ ᠤᠨ ᠠᠵᠢᠯ ᠤᠨ ᠠᠮᠵᠢᠯᠲᠠ ᠶᠢ ᠬᠢᠨᠠᠨ ᠰᠢᠯᠭᠠᠵᠤ ᠦᠨᠡᠯᠡᠬᠦ ᠰᠢᠰᠲ᠋ᠧᠮ ᠢ ᠪᠠᠶᠢᠭᠤᠯᠵᠤ᠂ ᠬᠡᠯᠪᠡᠷᠢᠴᠢ ᠦᠵᠡᠯ᠂ | ᠨᠣᠶᠠᠨᠴᠢ ᠰᠤᠷᠲᠠᠯ ᠤᠨ ᠠᠰᠠᠭᠤᠳᠠᠯ ᠤᠨ ᠨᠠᠷᠢᠨ ᠲᠠᠩᠰᠠ ᠶᠢ ᠬᠥᠳᠡᠯᠦᠩᠭᠦᠢ ᠪᠠᠷ ᠰᠢᠨᠡᠴᠢᠯᠡᠵᠦ᠂ ︽ᠲᠠᠪᠤᠨ ᠤᠯᠠᠨ︾ ᠢ ᠭᠦᠨᠵᠡᠭᠡᠢ ᠵᠠᠯᠠᠷᠠᠭᠤᠯᠤᠨ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠎ᠡ᠃ ᠴᠡᠷᠢᠭ ᠬᠥᠮᠥᠨ ᠤ ᠣᠯᠭᠤᠮᠵᠢ ᠶᠢᠨ ᠪᠠᠲᠤᠯᠠᠭ᠎ᠠ ᠵᠡᠷᠭᠡ ᠲᠦᠷᠦ ᠶᠢᠨ ᠪᠣᠳᠣᠯᠭ᠎ᠠ ᠳᠦᠷᠢᠮ ᠢ ᠨᠠᠶᠢᠳᠠᠪᠤᠷᠢᠵᠢᠭᠤᠯᠬᠤ | ︽ᠡᠴᠦᠰ ᠤᠨ ᠨᠢᠭᠡ ᠺᠢᠯᠣᠮᠧᠳ᠋ᠷ︾ ᠢ ᠨᠠᠪᠲᠠᠷᠡᠭᠦᠯᠵᠦ᠂ ᠦᠨᠳᠦᠰᠦᠨ ᠱᠠᠲᠤᠨ ᠤ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠳᠠᠷᠤᠭ᠎ᠠ ᠪᠠᠶᠢᠯᠳᠤᠭᠴᠢ ᠶᠢᠨ | ᠬᠦᠷᠲᠡᠮᠵᠢ ᠶᠢᠨ ᠲᠥᠷᠥᠭᠳᠡᠯ ᠪᠣᠯᠣᠨ ᠬᠠᠷᠢᠶᠠᠯᠠᠭᠳᠠᠬᠤ ᠲᠥᠷᠥᠭᠳᠡᠯ ᠢ ᠨᠡᠮᠡᠭᠳᠡᠭᠦᠯᠦᠨ᠎ᠡ᠃ ᠵᠢᠷᠭᠤᠳᠤᠭᠠᠷ ᠲᠤ᠂ ᠤᠯᠤᠰ ᠲᠦᠷᠦ ᠶᠢᠨ ᠠᠵᠢᠯ ᠤᠨ ᠰᠢᠯᠢᠳᠡᠭ | ᠤᠯᠠᠮᠵᠢᠯᠠᠯ ᠢ ᠰᠡᠷᠭᠦᠭᠡᠨ ᠪᠠᠳᠠᠷᠠᠭᠤᠯᠤᠨ᠎ᠠ᠃ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠪᠡᠶ᠎ᠡ ᠪᠠᠷ ᠢᠶᠠᠨ ᠬᠡᠪ ᠳᠦᠷᠢᠮ ᠦᠵᠡᠭᠦᠯᠭᠦ ᠨᠢ ᠬᠡᠯᠡᠵᠦ | ᠰᠤᠷᠭᠠᠬᠤ ᠠᠴᠠ ᠳᠡᠭᠡᠷ᠎ᠡ ᠪᠠᠶᠢᠬᠤ ᠶᠢ ᠪᠠᠷᠢᠮᠲᠠᠯᠠᠵᠤ᠂ ᠡᠯ᠎ᠡ ᠱᠠᠲᠤ ᠢᠯᠠᠩᠭᠤᠶ᠎ᠠ ᠳᠡᠭᠡᠳᠦ ᠲᠡᠰ ᠤᠨ ᠺᠠᠳ᠋ᠷᠴᠤᠳ ᠪᠡᠶ᠎ᠡ ᠪᠠᠷ ᠢᠶᠠᠨ ᠬᠡᠪ ᠳᠦᠷᠢᠮ ᠪᠣᠯᠵᠤ᠂ | ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠴᠠᠭᠠᠷᠠᠭᠰᠠᠨ ᠰᠤᠷᠲᠠᠯ ᠪᠠ ᠳᠦᠷᠢ ᠲᠥᠷᠬᠦ ᠪᠠᠷ ᠴᠡᠷᠢᠭ ᠠᠩᠭᠢ ᠶᠢ ᠤᠷᠢᠶᠠᠯᠠᠨ ᠳᠠᠶᠢᠴᠢᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠪᠣᠯ ᠪᠦᠭᠦ ᠴᠡᠷᠢᠭ ᠤᠨ ᠬᠠᠮᠲᠤ ᠶᠢᠨ ᠬᠠᠷᠢᠭᠤᠴᠠᠯᠭ᠎ᠠ ᠮᠥᠨ᠂ ᠴᠡᠷᠢᠭ ᠤᠨ | ᠶᠠᠪᠤᠳᠠᠯ ᠤᠨ ᠬᠤᠷᠢᠶ᠎ᠠ ᠨᠢᠭᠡᠳᠦᠯᠲᠡᠢ ᠤᠳᠤᠷᠢᠳᠤᠯᠭ᠎ᠠ ᠪᠠᠨ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠨᠢᠭᠡᠴᠢ | ᠡᠯ᠎ᠡ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠤᠰ ᠲᠦᠷᠦ ᠪᠠᠷ ᠴᠡᠷᠢᠭ ᠪᠠᠶᠢᠭᠤᠯᠬᠤ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ | ᠮᠠᠨ ᠤ ᠨᠠᠮ ᠤᠨ ᠤᠳᠤᠷᠢᠳᠤᠭᠰᠠᠨ ᠡᠨᠡ ᠬᠦ ᠪᠠᠭᠠᠲᠤᠷᠯᠢᠭ ᠴᠡᠷᠢᠭ ᠠᠩᠭᠢ ᠶᠢ ᠨᠡᠩ ᠪᠠᠲᠤ ᠴᠢᠩᠭ᠎ᠠ ᠪᠣᠯᠭᠠᠨ ᠪᠤᠯᠪᠠᠰᠤᠷᠠᠭᠤᠯᠵᠤ᠂ ᠰᠢᠯᠢᠳᠡᠭ ᠠᠮᠵᠢᠯᠲᠠ ᠪᠠᠷ ᠢᠶᠠᠨ | ᠴᠡᠷᠢᠭ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ | ᠡᠨᠡ ᠤᠳᠠᠭ᠎ᠠ ᠶᠢᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠤᠷᠠᠯ ᠢ ᠰᠢ ᠶᠢᠨ ᠫᠢᠩ ᠪᠡᠶ᠎ᠡ ᠪᠠᠷ ᠢᠶᠠᠨ | ᠰᠢᠢᠳᠪᠦᠷᠢᠲᠦ ᠪᠣᠳᠣᠯᠭ᠎ᠠ ᠲᠣᠭᠲᠠᠭᠠᠵᠤ ᠬᠤᠷᠠᠯᠳᠤᠭᠤᠯᠤᠭᠰᠠᠨ ᠶᠤᠮ᠃ ᠬᠤᠷᠠᠯ ᠠᠴᠠ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠶᠢᠨ ᠲᠣᠭᠤᠷᠢᠨ ᠳᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠯᠤᠰ ᠲᠦᠷᠦ ᠪᠠᠷ ᠴᠡᠷᠢᠭ ᠪᠠᠶᠢᠭᠤᠯᠬᠤ ᠶᠢ ᠠᠬᠢᠭᠤᠯᠬᠤ ᠬᠤᠯᠪᠣᠭᠳᠠᠯ ᠪᠦᠬᠦᠢ | ᠴᠢᠬᠤᠯᠠ ᠶᠡᠭᠡ ᠠᠰᠠᠭᠤᠳᠠᠯ ᠤᠨ ᠲᠤᠬᠠᠢ ᠰᠤᠳᠤᠯᠤᠨ ᠪᠠᠶᠢᠷᠢᠯᠠᠭᠤᠯᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠳᠡᠳ᠋ ᠲᠡᠷᠢᠭᠦᠯᠡᠭᠴᠢ | ᠵᠠᠩ ᠶᠢᠦ ᠰᠢᠶᠠ᠂ ᠾᠧ ᠸᠧᠢ ᠳ᠋ᠦᠩ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠯᠢᠦ ᠵᠧᠨ ᠯᠢ᠂ ᠮᠢᠶᠣᠣ ᠬᠤᠸᠠ᠂ ᠵᠠᠩ ᠱᠧᠩ ᠮᠢᠨ | ᠬᠤᠷᠠᠯ ᠳᠤ ᠣᠷᠣᠯᠴᠠᠪᠠ᠃ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠡᠯ᠎ᠡ ᠬᠡᠯᠲᠡᠰ ᠵᠥᠪᠯᠡᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ | ᠰᠢᠭᠤᠳ ᠬᠠᠷᠢᠶ᠎ᠠ ᠪᠠᠶᠢᠭᠤᠯᠤᠮᠵᠢ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠵᠢᠯᠤᠭᠤᠳᠬᠤ ᠲᠥᠪ᠂ ᠡᠯ᠎ᠡ ᠪᠠᠶᠢᠯᠳᠤᠭᠠᠨ ᠤ ᠲᠣᠭᠤᠷᠢᠭ᠂ ᠡᠯ᠎ᠡ | ᠴᠡᠷᠢᠭ ᠤᠨ ᠲᠦᠷᠦᠯ᠂ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠯ᠎ᠡ ᠰᠢᠭᠤᠳ ᠬᠠᠷᠢᠶ᠎ᠠ ᠨᠢᠭᠡᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ | ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ | ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ | |