ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠤᠳᠤᠷᠢᠳᠤᠮᠵᠢ ᠶᠢᠨ ᠦᠢᠯᠡᠳᠦᠯ ᠢ ᠪᠠᠳᠠᠷᠠᠭᠤᠯᠵᠤ᠂ ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ | ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠲᠤ ᠣᠷᠣᠭᠤᠯᠬᠤ ᠶᠢ ᠳᠡᠮᠵᠢᠨ᠎ᠡ ᠁ ᠤᠯᠤᠰ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠲᠣᠪᠴᠢᠶ᠎ᠠ 24 ᠤ ᠡᠳᠦᠷ ︽ᠰᠠᠨ ᠮᠢᠩ ᠬᠤᠳᠠ ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠲᠤᠷᠰᠢᠯᠭ᠎ᠠ ᠶᠢ ᠴᠢᠨᠠᠭᠰᠢᠳᠠ ᠳᠡᠯᠭᠡᠷᠡᠭᠦᠯᠵᠦ ᠡᠮ | ᠡᠮᠨᠡᠯᠭᠡ ᠶᠢᠨ ᠳᠠᠭᠠᠳᠬᠠᠯ ᠤᠨ ᠠᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠦᠷᠭᠦᠯᠵᠢᠯᠡᠨ ᠠᠬᠢᠭᠤᠯᠬᠤ ᠲᠤᠬᠠᠢ ᠮᠡᠳᠡᠭᠳᠡᠯ︾ ᠢ ᠨᠡᠶᠢᠲᠡᠯᠡᠵᠦ᠂ ᠰᠠᠨ ᠮᠢᠩ ᠬᠤᠳᠠ | ᠶᠢᠨ ᠡᠮ ᠡᠮᠨᠡᠯᠭᠡ ᠶᠢᠨ ᠥᠭᠡᠷᠡᠴᠢᠯᠡᠯᠲᠡ ᠶᠢᠨ ᠣᠯᠣᠭᠰᠠᠨ ᠳᠦᠷᠢᠮ ᠤᠨ ᠴᠢᠨᠠᠷᠲᠠᠢ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ | ᠲᠣᠳᠣᠷᠬᠠᠶᠢᠯᠠᠪᠠ᠃ | ︽ᠡᠮ ᠡᠮᠨᠡᠯᠭᠡ ᠶᠢᠨ ᠳᠠᠭᠠᠳᠬᠠᠯ ᠡᠷᠡᠭᠦᠯ ᠬᠠᠮᠠᠭᠠᠯᠠᠯ ᠡᠮ ᠤᠨ ᠵᠦᠢᠯᠡᠰ︾ ᠢ ᠬᠠᠮᠵᠢᠯᠴᠠᠭᠤᠯᠤᠨ ᠬᠥᠭᠵᠢᠭᠦᠯᠬᠦ ᠪᠠ ᠵᠠᠰᠠᠬᠤ ᠲᠠᠢ ᠤᠶᠠᠯᠳᠤᠭᠤᠯᠤᠨ᠂ | ᠮᠡᠳᠡᠭᠳᠡᠯ ᠳᠤ ᠡᠮ ᠤᠨ ᠵᠦᠢᠯᠡᠰ ᠤᠨ ᠡᠯᠡᠭᠳᠡᠯ ᠤᠨ ᠴᠢᠨᠠᠷᠲᠠᠢ ᠮᠠᠲ᠋ᠧᠷᠢᠶᠠᠯ ᠢ ᠴᠤᠭᠯᠠᠭᠤᠯᠬᠤ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠬᠦ᠂ ᠡᠮ ᠡᠮᠨᠡᠯᠭᠡ ᠶᠢᠨ | ᠳᠠᠭᠠᠳᠬᠠᠯ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠳᠡᠮᠵᠢᠬᠦ ᠡᠷᠴᠢᠮ ᠢ ᠴᠢᠩᠭᠠᠷᠠᠭᠤᠯᠬᠤ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ | ᠬᠢᠬᠦ ᠬᠠᠮᠢᠶᠠᠷᠤᠯᠲᠠ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠭᠦ ᠵᠡᠷᠭᠡ 6 ᠲᠠᠯ᠎ᠠ ᠪᠠᠷ ᠥᠷᠨᠢᠭᠦᠯᠬᠦ ᠪᠠᠷ ᠪᠠᠶᠢᠭ᠎ᠠ ︽ᠡᠭᠦᠷᠭᠡ ᠶᠢᠨ ᠨᠠᠷᠢᠨ ᠲᠠᠩᠰᠠ︾ ᠶᠢ | ᠲᠣᠳᠣᠷᠬᠠᠶᠢᠯᠠᠪᠠ᠃ | ᠡᠮ ᠤᠨ ᠵᠦᠢᠯᠡᠰ ᠤᠨ ᠡᠯᠡᠭᠳᠡᠯ ᠤᠨ ᠴᠢᠨᠠᠷᠲᠠᠢ ᠮᠠᠲ᠋ᠧᠷᠢᠶᠠᠯ ᠢ ᠴᠤᠭᠯᠠᠭᠤᠯᠬᠤ ᠥᠭᠡᠷᠡᠴᠢᠯᠡᠯᠲᠡ ᠶᠢᠨ ᠲᠠᠯ᠎ᠠ ᠪᠠᠷ᠂ ᠡᠯ᠎ᠡ ᠮᠤᠵᠢ ᠣᠷᠣᠨ 2024 ᠣᠨ ᠳᠤ | ᠤᠯᠤᠰ ᠪᠠ ᠮᠤᠵᠢ ᠶᠢᠨ ᠲᠠᠰ ᠤᠨ ᠡᠮ ᠤᠨ ᠵᠦᠢᠯᠡᠰ ᠤᠨ ᠲᠥᠷᠥᠯ ᠵᠦᠢᠯ ᠢ 500 ᠠᠴᠠ ᠳᠡᠭᠡᠭᠰᠢ ᠴᠤᠭᠯᠠᠭᠤᠯᠬᠤ ᠶᠢ ᠪᠡᠶᠡᠯᠡᠭᠦᠯᠬᠦ ᠬᠡᠷᠡᠭᠲᠡᠢ᠃ ᠮᠡᠳᠡᠭᠳᠡᠯ ᠳᠤ᠂ | ᠴᠤᠭᠯᠠᠭᠤᠯᠬᠤ ᠪᠠᠷ ᠠᠬᠢᠭᠤᠯᠬᠤ ᠬᠦᠴᠦᠨ ᠪᠤᠯᠭᠠᠵᠤ ᠨᠠᠩ ᠭᠦᠨ ᠳᠠᠪᠬᠤᠷᠭ᠎ᠠ ᠶᠢᠨ᠂ ᠨᠠᠩ ᠴᠢᠨᠠᠷ ᠰᠠᠶᠢᠲᠠᠢ ︽ᠰᠢᠩᠭᠡᠯᠢᠭ ᠢᠶᠠᠨ ᠰᠤᠯᠠᠯᠠᠵᠤ ᠰᠢᠪᠠᠭᠤ ᠪᠠᠨ ᠰᠣᠯᠢᠬᠤ︾ | ᠶᠢ ᠦᠨᠡᠨ ᠬᠦ ᠪᠠᠲᠤᠯᠠᠵᠤ᠂ ᠴᠤᠭᠯᠠᠭᠤᠯᠵᠤ ᠭᠠᠷᠭᠠᠭᠰᠠᠨ ᠵᠠᠷᠤᠳᠠᠯ ᠤᠨ ᠣᠷᠣᠨ ᠵᠠᠢ ᠶᠢ ᠡᠩ ᠲᠡᠷᠢᠭᠦᠨ ᠳᠤ ᠠᠷᠠᠳ ᠣᠯᠠᠨ ᠳᠤ ᠥᠭᠡᠷᠡᠴᠢᠯᠡᠯᠲᠡ ᠶᠢᠨ ᠠᠰᠢᠭ ᠢ | ᠬᠦᠷᠲᠡᠭᠡᠬᠦ ᠪᠥᠭᠡᠳ ᠰᠢᠨ᠎ᠡ ᠡᠮ᠂ ᠰᠢᠨ᠎ᠡ ᠣᠨᠣᠰᠢᠯᠠᠨ ᠡᠮᠨᠡᠬᠦ ᠲᠥᠷᠥᠯ ᠵᠦᠢᠯ ᠤᠨ ᠡᠮᠴᠢᠯᠡᠭᠡᠨ ᠤ ᠬᠡᠷᠡᠭᠯᠡᠭᠡᠨ ᠳᠤ ᠣᠷᠣᠬᠤ ᠳᠤ ᠣᠷᠣᠨ ᠵᠠᠢ ᠭᠠᠷᠭᠠᠵᠤ ᠥᠭᠭᠦᠨ᠂ | ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠲᠣᠬᠢᠷᠠᠭᠤᠯᠬᠤ ᠳᠤ ᠨᠥᠬᠦᠴᠡᠯ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠲᠣᠳᠣᠷᠬᠠᠶᠢᠯᠠᠪᠠ᠃ | ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠴᠢᠨᠠᠭᠰᠢᠳᠠ ᠳᠡᠮᠵᠢᠬᠦ ᠶᠢᠨ ᠲᠥᠯᠥᠭᠡ᠂ | ᠮᠡᠳᠡᠭᠳᠡᠯ ᠳᠤ ᠨᠥᠬᠦᠴᠡᠯ ᠳᠤ ᠨᠡᠶᠢᠴᠡᠬᠦ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠡᠮ ᠡᠮᠨᠡᠯᠭᠡ ᠶᠢᠨ ᠳᠠᠭᠠᠳᠬᠠᠯ ᠤᠨ ᠲᠣᠭᠲᠠᠭᠰᠠᠨ ᠴᠡᠭ ᠲᠤ | ᠣᠷᠣᠭᠤᠯᠬᠤ ᠶᠢ ᠳᠡᠮᠵᠢᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠡᠪᠡᠳᠴᠢᠨ ᠦᠵᠡᠭᠦᠯᠭᠦ ᠳᠤ ᠲᠥᠭᠦᠮ ᠦᠵᠡᠭᠦᠯᠭᠦ ᠬᠡᠷᠡᠭᠲᠡᠢ᠃ ᠡᠭᠦᠨ ᠤ ᠵᠡᠷᠭᠡ ᠪᠠᠷ᠂ | ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠰᠢᠰᠲ᠋ᠧᠮ ᠢ ᠲᠡᠭᠦᠯᠳᠡᠷᠵᠢᠭᠦᠯᠵᠦ᠂ | ᠦᠢᠯᠡᠴᠢᠯᠡᠭᠡᠨ ᠤ ᠶᠠᠰᠤ ᠴᠢᠨᠠᠷ ᠪᠠ ᠲᠤᠭ᠎ᠠ ᠬᠡᠮᠵᠢᠶ᠎ᠡ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢ ᠳᠣᠪᠤᠶᠢᠯᠭᠠᠨ᠎ᠠ | ᠭᠡᠵᠦ ᠲᠣᠳᠣᠷᠬᠠᠶᠢᠯᠠᠪᠠ᠃ | ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠭᠦ ᠲᠠᠯ᠎ᠠ ᠪᠠᠷ᠂ ᠮᠡᠳᠡᠭᠳᠡᠯ ᠳᠤ ᠲᠤᠰᠠᠲᠠᠢ ᠪᠥᠭᠡᠳ | ᠥᠨᠳᠥᠷ ᠪᠦᠲᠦᠮᠵᠢᠲᠡᠶ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠪᠡᠳᠴᠢᠨ ᠤ ᠲᠥᠷᠥᠯ ᠢᠶᠠᠷ | ᠲᠣᠭᠠᠴᠠᠭ᠎ᠠ ᠬᠢᠬᠦ ᠪᠠᠷ ᠭᠤᠣᠯ ᠪᠤᠯᠭᠠᠬᠰᠠᠨ ᠣᠯᠠᠨ ᠡᠰᠢᠲᠦ ᠨᠡᠶᠢᠯᠡᠮᠡᠯ ᠮᠠᠶ᠋ᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠢ | ᠲᠦᠷᠭᠡᠳᠬᠡᠨ ᠬᠡᠷᠡᠭᠵᠢᠭᠦᠯᠵᠦ᠂ 2024 ᠣᠨ ᠳᠤ ᠡᠪᠡᠳᠴᠢᠨ ᠤ ᠳᠤᠭᠤᠶᠢᠯᠠᠩ ᠪᠠ ᠡᠪᠡᠳᠴᠢᠨ ᠤ ᠲᠥᠷᠥᠯ ᠤᠨ ᠬᠤᠪᠢ ︵DRG / DIP︶ ᠪᠠᠷ ᠲᠣᠭᠠᠴᠠᠭ᠎ᠠ | ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠦᠨ᠎ᠡ ᠭᠡᠵᠦ ᠲᠣᠳᠣᠷᠬᠠᠶᠢᠯᠠᠪᠠ᠃ | ᠮᠡᠳᠡᠭᠳᠡᠯ ᠳᠤ ᠪᠠᠰᠠ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ᠂ ᠡᠮᠴᠢᠯᠡᠭᠡᠨ ᠤ | ᠦᠢᠯᠡᠴᠢᠯᠡᠭᠡ ᠶᠢᠨ ᠦᠨ᠎ᠡ ᠬᠠᠩᠰᠢ ᠶᠢᠨ ᠬᠥᠳᠡᠯᠦᠩᠭᠦᠢ ᠲᠣᠬᠢᠷᠠᠭᠤᠯᠤᠯᠲᠠ ᠶᠢᠨ ᠲᠣᠭᠲᠠᠴᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠡᠦᠬᠡᠳ ᠤᠨ ᠰᠠᠯᠠᠭ᠎ᠠ᠂ | ᠬᠥᠩᠭᠡᠵᠢᠭᠦᠯᠬᠦ ᠰᠠᠯᠠᠭ᠎ᠠ᠂ ᠣᠶᠤᠨ ᠮᠡᠳᠡᠷᠡᠯ᠂ ᠬᠢᠲᠠᠳ ᠡᠮᠨᠡᠯᠭᠡ ᠵᠡᠷᠭᠡ ᠡᠮᠴᠢᠯᠡᠭᠡᠨ ᠤ ᠰᠠᠯᠠᠭ᠎ᠠ ᠳᠤ ᠴᠢᠨᠠᠭᠰᠢᠳᠠ ᠠᠩᠬᠠᠷᠤᠯ ᠢᠶᠠᠨ ᠲᠥᠪᠯᠡᠷᠡᠭᠦᠯᠵᠦ᠂ ᠣᠨᠣᠰᠢᠯᠠᠨ | ᠪᠠᠶᠢᠴᠠᠭᠠᠬᠤ᠂ ᠰᠤᠪᠢᠯᠠᠬᠤ᠂ ᠲᠦᠷᠭᠡᠨ ᠠᠪᠤᠷᠠᠬᠤ᠂ ᠡᠪᠡᠳᠴᠢᠨ ᠤ ᠵᠦᠢ ᠵᠡᠷᠭᠡ ᠲᠥᠷᠥᠯ ᠵᠦᠢᠯ ᠤᠨ ᠦᠨ᠎ᠡ ᠬᠠᠩᠰᠢ ᠶᠢ ᠭᠤᠣᠯᠳᠠᠯᠭ᠎ᠠ ᠲᠠᠢ ᠠᠩᠬᠠᠷᠬᠤ ᠬᠡᠷᠡᠭᠲᠡᠢ᠃ | ᠦᠨ᠎ᠡ ᠬᠠᠩᠰᠢ ᠶᠢᠨ ᠪᠦᠷᠢᠯᠳᠦᠯ ᠳᠠᠬᠢ ᠮᠡᠷᠭᠡᠵᠢᠯ ᠤᠨ ᠭᠦᠳᠡᠯᠮᠦᠷᠢ ᠦᠢᠯᠡᠴᠢᠯᠡᠭᠡᠨ ᠤ ᠡᠵᠡᠯᠡᠬᠦ ᠬᠠᠷᠢᠴᠠᠯ ᠢ 60% ᠠᠴᠠ ᠳᠡᠭᠡᠭᠰᠢᠬᠢ ᠲᠥᠷᠥᠯ ᠵᠦᠢᠯ ᠢ ᠡᠩ | ᠲᠡᠷᠢᠭᠦᠨ ᠳᠤ ᠦᠨ᠎ᠡ ᠲᠣᠬᠢᠷᠠᠭᠤᠯᠬᠤ ᠬᠡᠪᠴᠢᠶᠡᠨ ᠳᠤ ᠣᠷᠣᠭᠤᠯᠬᠤ ᠶᠢ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠪᠠ᠃ | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 24 ᠤ ᠴᠠᠭᠢᠯᠭᠠᠨ ᠮᠡᠳᠡᠭᠡ︶ |