ᠮᠠᠨ ᠤ ᠣᠷᠣᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠵᠡᠢ
ᠨᠡᠶᠢᠲᠡᠯᠡᠭᠰᠡᠨ ᠴᠠᠭ᠄
2024/6/27
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂︽ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠲᠥᠰᠥᠯ︾᠎ ᠢ ᠨᠠᠶᠢᠳᠠᠪᠤᠷᠢᠵᠢᠭᠤᠯᠵᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢ ᠥᠭᠡᠷᠡᠴᠢᠯᠡᠨ ᠲᠣᠬᠢᠷᠠᠭᠤᠯᠬᠤ ᠲᠣᠭᠲᠠᠴᠠ ᠶᠢ ᠪᠦᠭᠦ ᠲᠠᠯ᠎ᠠ ᠪᠠᠷ ᠪᠠᠶᠢᠭᠤᠯᠤᠨ ᠪᠦᠷᠢᠨᠰᠢᠭᠦᠯᠬᠦ ᠶᠢᠨ ᠲᠥᠯᠥᠭᠡ᠂ ᠲᠦᠷᠦᠭᠦᠬᠡᠨ᠂ ᠥᠪᠥᠷ ᠮᠣᠩᠭᠤᠯ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠤᠷᠰᠢᠯᠲᠠ ᠶᠢᠨ ᠴᠡᠭ ᠤᠨ ᠠᠵᠢᠯ ᠢ ᠡᠬᠢᠯᠡᠭᠦᠯᠪᠡ᠃     ᠣᠶᠢᠯᠠᠭᠠᠭᠰᠠᠨ ᠢᠶᠠᠷ᠂ ᠪᠦᠭᠦ ᠤᠯᠤᠰ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠲᠤ ᠰᠣᠩᠭᠤᠭᠳᠠᠭᠰᠠᠨ ᠲᠦᠷᠦᠭᠦᠦ ᠪᠦᠯᠦᠭ ᠤᠨ ᠭᠤᠷᠪᠠᠨ ᠮᠤᠵᠢ ᠣᠷᠣᠨ ᠤ ᠨᠢᠭᠡ ᠪᠣᠯᠤᠭᠰᠠᠨ ᠤ ᠬᠤᠪᠢ ᠳᠤ᠂ ᠥᠪᠥᠷ ᠮᠣᠩᠭᠤᠯ ᠤᠮᠠᠷᠠᠲᠤ ᠣᠷᠣᠨ ᠤ ᠮᠤᠵᠢ ᠣᠷᠣᠨ ᠢ ᠲᠥᠯᠥᠭᠡᠯᠡᠨ ᠥᠭᠡᠷᠡᠴᠢᠯᠡᠯᠲᠡ ᠶᠢᠨ ᠬᠡᠪ ᠵᠠᠭᠪᠤᠷ ᠢ ᠰᠦᠪᠡᠭᠴᠢᠯᠡᠬᠦ ᠬᠦᠨᠳᠦ ᠡᠭᠦᠷᠭᠡ ᠶᠢ ᠡᠭᠦᠷᠭᠡᠯᠡᠵᠦ᠂ ᠪᠦᠭᠦ ᠣᠷᠣᠨ ᠤ ᠡᠮᠴᠢᠯᠡᠭᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠨᠢ ᠶᠡᠷᠦᠩᠬᠡᠢ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠲᠣᠭᠲᠠᠴᠠ᠂ ᠦᠨ᠎ᠡ ᠬᠠᠩᠰᠢ ᠶᠢ ᠲᠥᠷᠥᠯ ᠬᠤᠪᠢᠶᠠᠨ ᠪᠦᠷᠢᠯᠳᠦᠭᠦᠯᠬᠦ ᠲᠣᠭᠲᠠᠴᠠ᠂ ᠦᠨ᠎ᠡ ᠬᠠᠩᠰᠢ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ᠂ ᠦᠨ᠎ᠡ ᠬᠠᠩᠰᠢ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠪᠠ ᠦᠨ᠎ᠡ ᠬᠠᠩᠰᠢ ᠶᠢ ᠬᠢᠨᠠᠨ ᠬᠡᠮᠵᠢᠵᠦ ᠰᠢᠯᠭᠠᠨ ᠬᠢᠨᠠᠬᠤ ᠲᠣᠭᠲᠠᠴᠠ ᠵᠡᠷᠭᠡ 5 ᠲᠠᠯ᠎ᠠ ᠶᠢᠨ ᠲᠣᠭᠤᠷᠢᠨ ᠳᠤ᠂ ᠦᠨ᠎ᠡ ᠬᠠᠩᠰᠢ ᠶᠢᠨ ᠥᠭᠡᠷᠡᠴᠢᠯᠡᠯᠲᠡ ᠬᠢᠭᠡᠳ ᠡᠮᠴᠢᠯᠡᠭᠡᠨ ᠤ ᠪᠠᠶᠢᠭᠤᠯᠤᠮᠵᠢ ᠶᠢᠨ ᠴᠠᠯᠢᠩ ᠬᠥᠯᠥᠰᠦ ᠶᠢᠨ ᠬᠠᠮᠢᠶᠠᠷᠤᠯᠲᠠ᠂ ᠨᠥᠬᠦᠪᠦᠷᠢ ᠥᠭᠬᠦ ᠲᠣᠭᠲᠠᠴᠠ᠂ ᠡᠮᠴᠢᠯᠡᠭᠡᠨ ᠤ ᠡᠵᠡᠮᠳᠡᠬᠦ ᠵᠠᠷᠤᠳᠠᠯ᠂ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠵᠡᠷᠭᠡ ᠢᠵᠢ ᠪᠦᠷᠢᠳᠦᠭᠰᠡᠨ ᠥᠭᠡᠷᠡᠴᠢᠯᠡᠯᠲᠡ ᠶᠢᠨ ᠬᠠᠷᠢᠴᠠᠭ᠎ᠠ ᠶᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠪᠦᠭᠦ ᠤᠯᠤᠰ ᠲᠤ ᠳᠡᠯᠭᠡᠷᠡᠭᠦᠯᠵᠦ ᠪᠤᠯᠬᠤ ᠥᠭᠡᠷᠡᠴᠢᠯᠡᠯᠲᠡ ᠶᠢᠨ ᠲᠤᠷᠰᠢᠯᠭ᠎ᠠ ᠶᠢ ᠦᠢᠯᠡᠳᠦᠯᠭᠡᠵᠢᠭᠦᠯᠦᠨ ᠪᠦᠷᠢᠯᠳᠦᠭᠦᠯᠦᠨ᠎ᠡ᠃     ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠡᠮ ᠡᠮᠨᠡᠯᠭᠡ ᠶᠢᠨ ᠦᠨ᠎ᠡ ᠬᠠᠩᠰᠢ ᠬᠢᠭᠡᠳ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠳᠠᠰᠤᠭ ᠤᠨ ᠳᠠᠷᠤᠭ᠎ᠠ ᠯᠢ ᠱᠸ ᠵᠧᠨ ᠢᠯᠡᠷᠬᠡᠶᠢᠯᠡᠬᠦ ᠳᠡᠭᠡᠨ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠵᠢᠯᠣᠭᠤᠳᠤᠯᠭ᠎ᠠ ᠳᠣᠣᠷ᠎ᠠ᠂ ᠥᠭᠡᠷᠡᠴᠢᠯᠡᠯᠲᠡ ᠶᠢᠨ ᠶᠡᠷᠦᠩᠬᠡᠢ ᠰᠢᠨ᠎ᠡ ᠰᠡᠳᠬᠢᠮᠵᠢ ᠶᠢ ᠰᠤᠳᠤᠯᠤᠨ ᠪᠦᠷᠢᠯᠳᠦᠭᠦᠯᠵᠦ᠂ ᠥᠭᠡᠷᠡᠴᠢᠯᠡᠯᠲᠡ ᠶᠢᠨ ᠲᠥᠰᠥᠯ ᠤᠨ ᠠᠵᠢᠯᠯᠠᠬᠤ ᠨᠠᠷᠢᠨ ᠳᠦᠷᠢᠮ ᠢ ᠲᠣᠭᠲᠠᠭᠠᠨ ᠨᠡᠶᠢᠲᠡᠯᠡᠵᠦ᠂ ᠡᠮᠴᠢᠯᠡᠭᠡᠨ ᠤ ᠪᠠᠶᠢᠭᠤᠯᠤᠮᠵᠢ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠦᠨ᠎ᠡ ᠮᠡᠳᠡᠭᠦᠯᠬᠦ ᠠᠵᠢᠯ ᠢ ᠪᠡᠶᠡᠯᠡᠭᠦᠯᠦᠨ᠂ ᠤᠯᠤᠰ ᠤᠨ ᠲᠤᠷᠰᠢᠯᠲᠠ ᠶᠢᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠡᠨᠡ ᠵᠢᠯ ᠤᠨ ᠡᠴᠦᠰ ᠠᠴᠠ ᠡᠮᠦᠨ᠎ᠡ ᠠᠩᠬᠠᠨ ᠤ ᠡᠭᠡᠯᠵᠢ ᠶᠢᠨ ᠦᠨ᠎ᠡ ᠲᠣᠬᠢᠷᠠᠭᠤᠯᠬᠤ ᠠᠵᠢᠯ ᠢ ᠪᠡᠶᠡᠯᠡᠭᠦᠯᠦᠨ᠎ᠡ ᠭᠡᠵᠡᠢ᠃     ᠣᠳᠣᠬᠠᠨ ᠳᠤ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢ ᠨᠢᠭᠡᠨᠲᠡ ᠾᠧᠪᠧᠢ ᠶᠢᠨ ᠲᠠᠩᠱᠠᠨ᠂ ᠵᠢᠶᠠᠩᠰᠤ ᠶᠢᠨ ᠰᠦᠵᠧᠦ᠂ ᠹᠦᠵᠢᠶᠠᠨ ᠤ ᠰᠢᠶᠠᠮᠧᠨ᠂ ᠵᠢᠶᠠᠩᠰᠢ ᠶᠢᠨ ᠭᠠᠨᠵᠸᠤ᠂ ᠰᠧᠴᠤᠸᠠᠨ ᠤ ᠯᠧᠱᠠᠨ ᠵᠡᠷᠭᠡ 5 ᠲᠤᠷᠰᠢᠯᠲᠠ ᠶᠢᠨ ᠬᠤᠲᠠ ᠠᠴᠠ ᠥᠪᠥᠷ ᠮᠣᠩᠭᠤᠯ᠂ ᠵᠧᠵᠢᠶᠠᠩ᠂ ᠰᠧᠴᠤᠸᠠᠨ ᠵᠡᠷᠭᠡ 3 ᠮᠤᠵᠢ︵ᠥᠪᠡᠷᠲᠡᠭᠡᠨ ᠵᠠᠰᠠᠬᠤ ᠣᠷᠣᠨ︶᠎ ᠳᠤ ᠶᠠᠪᠤᠭᠤᠯᠵᠤ᠂ ᠬᠡᠪᠴᠢᠶ᠎ᠡ ᠶᠢ ᠥᠷᠭᠡᠳᠬᠡᠬᠦ ᠱᠠᠲᠤᠨ ᠳᠤ ᠣᠷᠣᠪᠠ᠃ ᠡᠭᠦᠨ ᠠᠴᠠ ᠡᠮᠦᠨ᠎ᠡ᠂ ᠲᠤᠷᠰᠢᠯᠲᠠ ᠶᠢᠨ ᠴᠡᠭ ᠪᠤᠯᠬᠤ ᠬᠤᠲᠠ ᠨᠢ ᠨᠢᠭᠡᠨᠲᠡ ᠰᠢᠨ᠎ᠡ ᠲᠣᠭᠲᠠᠴᠠ ᠶᠣᠰᠣᠭᠠᠷ 2 ᠡᠭᠡᠯᠵᠢ ᠶᠢᠨ ᠦᠨ᠎ᠡ ᠬᠠᠩᠰᠢ ᠳᠤ ᠲᠣᠬᠢᠷᠠᠭᠤᠯᠤᠯᠲᠠ ᠬᠢᠬᠦ ᠶᠢ ᠲᠣᠭᠲᠠᠭᠤᠨ ᠢᠶᠠᠷ ᠬᠡᠷᠡᠭᠵᠢᠭᠦᠯᠵᠦ᠂ ᠲᠣᠰ ᠲᠣᠰ 1398 ᠵᠦᠢᠯ ᠪᠠ 5076 ᠵᠦᠢᠯ ᠤᠨ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠳᠤ ᠬᠤᠯᠪᠣᠭᠳᠠᠨ᠂ ᠨᠢᠭᠡ ᠪᠦᠯᠦᠭ ᠦᠨ᠎ᠡ ᠬᠠᠩᠰᠢ ᠨᠢ ᠳᠣᠣᠷ᠎ᠠ ᠪᠠᠶᠢᠬᠤ᠂ ᠮᠡᠷᠭᠡᠵᠢᠯ ᠪᠠ ᠭᠦᠳᠡᠯᠮᠦᠷᠢ ᠦᠢᠯᠡᠴᠢᠯᠡᠭᠡ ᠶᠢᠨ ᠥᠷᠲᠡᠭ ᠢᠶᠠᠷ ᠥᠨᠳᠥᠷ ᠲᠥᠷᠥᠯ ᠵᠦᠢᠯ ᠤᠨ ᠦᠨ᠎ᠡ ᠬᠠᠩᠰᠢ ᠶᠢ ᠥᠰᠬᠡᠪᠡ᠂ ᠡᠭᠦᠨ ᠳᠤ ᠰᠤᠪᠢᠯᠠᠯᠲᠠ᠂ ᠮᠡᠰᠡ ᠵᠠᠰᠠᠯ᠂ ᠡᠮᠴᠢᠯᠡᠭᠡ᠂ ᠬᠢᠲᠠᠳ ᠡᠮᠨᠡᠯᠭᠡ ᠵᠡᠷᠭᠡ ᠪᠠᠭᠲᠠᠨ᠎ᠠ᠂ ᠡᠭᠦᠨ ᠤ ᠬᠠᠮᠲᠤ ᠲᠣᠨᠤᠭ ᠲᠥᠬᠦᠭᠡᠷᠦᠮᠵᠢ ᠡᠳ᠋ ᠪᠣᠳᠠᠰ ᠤᠨ ᠬᠤᠷᠣᠭᠳᠠᠯ ᠢᠶᠠᠷ ᠭᠤᠣᠯ ᠪᠤᠯᠭᠠᠬᠰᠠᠨ᠂ ᠵᠠᠷᠤᠳᠠᠯ ᠶᠡᠬᠡᠲᠡᠢ ᠪᠠᠶᠢᠴᠠᠭᠠᠨ ᠰᠢᠯᠭᠠᠬᠤ ᠲᠥᠷᠥᠯ ᠤᠨ ᠲᠥᠷᠥᠯ ᠵᠦᠢᠯ ᠤᠨ ᠦᠨ᠎ᠡ ᠬᠠᠩᠰᠢ ᠵᠣᠬᠢᠬᠤ ᠬᠡᠮᠵᠢᠶ᠎ᠡ ᠪᠠᠷ ᠪᠠᠭᠤᠷᠠᠪᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ