ᠡᠮᠴᠢᠯᠡᠭᠡᠨ ᠤ ᠳᠠᠭᠠᠳᠬᠠᠯ ᠤᠨ ᠺᠣᠳ᠋ ᠲᠤ ᠬᠤᠶᠠᠷ ᠵᠦᠢᠯ ᠤᠨ ᠲᠤᠬᠠᠢ ᠶᠢᠨ ᠲᠠᠯᠠᠪᠠᠢ ᠶᠢᠨ ᠦᠢᠯᠡᠴᠢᠯᠡᠭᠡ ᠶᠢ ᠰᠢᠨ᠎ᠡ ᠪᠠᠷ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/6/27
    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠣᠳᠣᠬᠠᠨ ᠳᠤ ᠪᠦᠭᠦ ᠤᠯᠤᠰ ᠲᠤ ᠡᠮᠴᠢᠯᠡᠭᠡᠨ ᠤ ᠳᠠᠭᠠᠳᠬᠠᠯ ᠤᠨ ᠺᠣᠳ᠋ ᠢ ᠬᠡᠷᠡᠭᠯᠡᠭᠴᠢ 11.5 ᠳ᠋ᠦᠩᠰᠢᠭᠤᠷ ᠢ ᠳᠠᠪᠠᠵᠤ᠂ ᠨᠢᠭᠡᠨᠲᠡ ᠡᠪᠡᠳᠴᠢᠨ ᠦᠵᠡᠭᠦᠯᠵᠦ ᠡᠮ ᠬᠤᠳᠠᠯᠳᠤᠨ ᠠᠪᠬᠤ᠂ ᠡᠮᠴᠢᠯᠡᠭᠡᠨ ᠤ ᠳᠠᠭᠠᠳᠬᠠᠯ ᠢ ᠪᠠᠶᠢᠴᠠᠭᠠᠨ ᠯᠠᠪᠯᠠᠬᠤ᠂ ᠡᠮᠴᠢᠯᠡᠭᠡᠨ ᠤ ᠳᠠᠭᠠᠳᠬᠠᠯ ᠢ ᠰᠢᠯᠵᠢᠭᠦᠯᠦᠨ ᠦᠷᠭᠦᠯᠵᠢᠯᠡᠭᠦᠯᠬᠦ᠂ ᠮᠤᠵᠢ ᠠᠯᠤᠰᠯᠠᠨ ᠣᠨᠳᠣᠣ ᠭᠠᠵᠠᠷ ᠲᠤ ᠡᠪᠡᠳᠴᠢᠨ ᠦᠵᠡᠭᠦᠯᠭᠦ ᠶᠢ ᠳᠠᠩᠰᠠᠯᠠᠭᠤᠯᠬᠤ ᠵᠡᠷᠭᠡ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠤᠨ ᠣᠷᠴᠢᠨ ᠳᠤ ᠥᠷᠭᠡᠨ ᠢᠶᠠᠷ ᠬᠡᠷᠡᠭᠯᠡᠭᠳᠡᠵᠦ ᠪᠠᠶᠢᠨ᠎ᠠ᠃ ᠨᠠᠩ ᠣᠯᠠᠨ ᠳᠠᠭᠠᠳᠬᠠᠯ ᠳᠤ ᠣᠷᠣᠯᠴᠠᠭᠰᠠᠳ ᠢ ᠬᠠᠪᠰᠤᠷᠬᠤ ᠶᠢᠨ ᠲᠥᠯᠥᠭᠡ᠂ ᠬᠥᠮᠥᠨ ᠤ ᠵᠢᠰᠦ ᠶᠢ ᠢᠯᠭᠠᠨ ᠲᠠᠨᠢᠵᠤ ᠡᠮᠴᠢᠯᠡᠭᠡᠨ ᠤ ᠳᠠᠭᠠᠳᠬᠠᠯ ᠤᠨ ᠺᠣᠳ᠋ ᠢ ᠠᠮᠢᠯᠠᠭᠤᠯᠬᠤ ᠠᠴᠠ ᠭᠠᠳᠠᠨ᠎ᠠ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠠᠴᠠ ᠡᠮᠴᠢᠯᠡᠭᠡᠨ ᠤ ᠳᠠᠭᠠᠳᠬᠠᠯ ᠤᠨ ᠺᠣᠳ᠋ ᠢ ᠲᠤᠬᠠᠢ ᠶᠢᠨ ᠲᠠᠯᠠᠪᠠᠢ ᠳᠤ ᠠᠮᠢᠯᠠᠭᠤᠯᠬᠤ᠂ ᠲᠥᠷᠥᠯ ᠰᠠᠳᠤᠨ ᠤ ᠲᠠᠩᠰᠠᠨ ᠡᠷᠦᠭᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠬᠤᠶᠠᠷ ᠵᠦᠢᠯ ᠤᠨ ᠦᠢᠯᠡᠴᠢᠯᠡᠭᠡ ᠶᠢ ᠨᠡᠮᠡᠭᠳᠡᠭᠦᠯᠪᠡ᠃    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠲᠠᠨᠢᠯᠴᠠᠭᠤᠯᠤᠭᠰᠠᠨ ᠢᠶᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠤᠬᠠᠢ ᠶᠢᠨ ᠲᠠᠯᠠᠪᠠᠢ ᠳᠤ ᠠᠮᠢᠯᠠᠭᠤᠯᠬᠤ ᠶᠢ ᠭᠤᠣᠯᠳᠠᠭᠤ ᠪᠤᠶ ᠪᠦᠬᠦᠢ ᠡᠮᠴᠢᠯᠡᠭᠡᠨ ᠤ ᠳᠠᠭᠠᠳᠬᠠᠯ ᠤᠨ ᠺᠣᠳ᠋ ᠳᠠᠩᠰᠠᠯᠠᠭᠤᠯᠬᠤ ᠬᠡᠷᠡᠭᠯᠡᠭᠴᠢ ᠳᠤ ᠬᠡᠷᠡᠭᠯᠡᠨ᠎ᠡ᠂ ᠢᠯᠠᠩᠭᠤᠶ᠎ᠠ ᠰᠢᠷᠬᠠᠲᠤᠭᠰᠠᠨ ᠬᠥᠮᠥᠰ᠂ ᠣᠶᠤᠨᠲᠤ ᠭᠠᠷ ᠤᠲᠠᠰᠤᠨ ᠤ ᠠᠵᠢᠯᠯᠠᠭ᠎ᠠ ᠶᠢ ᠰᠠᠶᠢᠨ ᠮᠡᠳᠡᠬᠦ ᠦᠭᠡᠢ ᠨᠠᠰᠤᠲᠠᠶᠢᠴᠤᠳ᠂ ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠤᠨ ᠣᠷᠣᠰᠢᠨ ᠰᠠᠭᠤᠬᠤ ᠦᠨᠡᠮᠯᠡᠯ ᠪᠠ ᠭᠠᠳᠠᠭᠠᠳᠤ ᠶᠢᠨ ᠬᠠᠷᠢᠶ᠎ᠠ ᠲᠠᠢ ᠫᠠᠰᠫᠣᠷᠲ ᠢᠶᠠᠷ ᠳᠠᠭᠠᠳᠬᠠᠯ ᠳᠤ ᠣᠷᠣᠯᠴᠠᠬᠰᠠᠨ ᠬᠥᠮᠥᠰ᠂ ᠰᠦᠯᠵᠢᠶᠡᠨ ᠳᠡᠭᠡᠷ᠎ᠡ ᠬᠥᠮᠥᠨ ᠤ ᠵᠢᠰᠦ ᠶᠢ ᠢᠯᠭᠠᠨ ᠲᠠᠨᠢᠬᠤ ᠶᠢᠨ ᠠᠷᠭ᠎ᠠ ᠦᠭᠡᠢ ᠪᠤᠰᠤᠳ ᠳᠠᠭᠠᠳᠬᠠᠯ ᠳᠤ ᠣᠷᠣᠯᠴᠠᠭᠰᠠᠳ ᠲᠤ ᠭᠡᠷᠡᠭᠯᠡᠨ᠎ᠡ; ᠲᠥᠷᠥᠯ ᠰᠠᠳᠤᠨ ᠤ ᠲᠠᠩᠰᠠᠨ ᠡᠷᠦᠭᠡ ᠶᠢ ᠲᠤᠬᠠᠢ ᠎ ᠶᠢᠨ ᠲᠠᠯᠠᠪᠠᠢ ᠳᠤ ᠬᠤᠯᠪᠣᠬᠤ ᠶᠢ ᠭᠤᠣᠯᠳᠠᠭᠤ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠰᠦᠯᠵᠢᠶᠡᠨ ᠳᠡᠭᠡᠷ᠎ᠡ ᠥᠪᠡᠰᠦᠪᠡᠨ ᠬᠤᠯᠪᠣᠵᠤ ᠳᠡᠶᠢᠯᠭᠦ ᠦᠭᠡᠢ ᠳᠠᠭᠠᠳᠬᠠᠯ ᠳᠤ ᠣᠷᠣᠯᠴᠠᠭᠴᠢ ᠵᠢᠴᠢ ᠲᠡᠭᠦᠨ ᠤ ᠭᠡᠷ ᠤᠨ ᠬᠥᠮᠥᠰ ᠲᠤ ᠬᠡᠷᠡᠭᠯᠡᠨ᠎ᠡ᠃     ᠭᠦᠢᠴᠡᠳᠬᠡᠬᠦ ᠠᠷᠭ᠎ᠠ ᠭᠡᠯᠪᠡᠷᠢ ᠶᠢᠨ ᠲᠠᠯ᠎ᠠ ᠪᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠲᠤᠬᠠᠢ ᠶᠢᠨ ᠲᠠᠯᠠᠪᠠᠢ ᠳᠤ ᠠᠮᠢᠯᠠᠭᠤᠯᠬᠤ ᠳᠤ ᠳᠠᠭᠠᠳᠬᠠᠯ ᠳᠤ ᠣᠷᠣᠯᠴᠠᠭᠴᠢ ᠥᠪᠡᠰᠤᠪᠡᠨ ᠡᠮᠴᠢᠯᠡᠭᠡᠨ ᠤ ᠳᠠᠭᠠᠳᠬᠠᠯ ᠤᠨ ᠲᠤᠬᠠᠢ ᠶᠢᠨ ᠲᠠᠯᠠᠪᠠᠢ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠬᠦᠷᠴᠦ᠂ ᠭᠠᠷᠲᠠᠨ ᠭᠦᠢᠴᠡᠳᠬᠡᠬᠦ ᠠᠵᠢᠯᠲᠠᠨ ᠳᠤ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠤᠬᠠᠢ ᠶᠢᠨ ᠲᠠᠯᠠᠪᠠᠢ ᠶᠢᠨ ᠦᠢᠯᠡᠴᠢᠯᠡᠭᠡ ᠶᠢ ᠠᠮᠢᠯᠠᠭᠤᠯᠬᠤ ᠴᠢᠬᠤᠯᠠᠲᠠᠢ ᠪᠠᠶᠢᠬᠤ ᠶᠢ ᠮᠡᠳᠡᠭᠳᠡᠵᠦ᠂ ᠳᠠᠭᠠᠳᠬᠠᠯ ᠳᠤ ᠣᠷᠣᠯᠴᠠᠭᠴᠢ ᠳᠠᠭᠠᠳᠬᠠᠯ ᠳᠤ ᠣᠷᠣᠯᠴᠠᠬᠰᠠᠨ ᠭᠠᠵᠠᠷ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠱᠠᠭᠠᠷᠳᠠᠭᠰᠠᠨ ᠪᠡᠶ᠎ᠡ ᠶᠢᠨ ᠬᠢᠷᠢ ᠭᠡᠮ ᠤᠨ ᠮᠠᠲ᠋ᠧᠷᠢᠶᠠᠯ ᠢ ᠬᠠᠩᠭᠠᠵᠤ᠂ ᠭᠠᠷᠲᠠᠨ ᠭᠦᠢᠴᠡᠳᠬᠡᠬᠦ ᠠᠵᠢᠯᠲᠠᠨ ᠰᠢᠰᠲ᠋ᠧᠮ ᠢᠶᠠᠷ ᠳᠠᠮᠵᠢᠭᠤᠯᠤᠨ ᠡᠮᠴᠢᠯᠡᠭᠡᠨ ᠤ ᠳᠠᠭᠠᠳᠬᠠᠯ ᠤᠨ ᠺᠣᠳ᠋ ᠢ ᠠᠮᠢᠯᠠᠭᠤᠯᠤᠭᠰᠠᠨ ᠤ ᠳᠠᠷᠠᠭ᠎ᠠ᠂ ᠳᠠᠭᠠᠳᠬᠠᠯ ᠳᠤ ᠣᠷᠣᠯᠴᠠᠭᠴᠢ ᠶᠢᠨ ᠭᠠᠷ ᠤᠲᠠᠰᠤᠨ ᠤ ᠣᠬᠤᠷ ᠴᠢᠮᠡᠭᠡ ᠪᠠᠷ︽ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠡ ᠶᠢᠨ ᠲᠠᠩᠰᠠᠨ ᠨᠣᠮᠧᠷ ᠪᠠ ᠠᠶᠠᠳᠠᠯ ᠨᠢᠭᠤᠴᠠ ᠨᠣᠮᠧᠷ ᠢ ᠭᠥᠯᠢᠶᠡᠨ ᠠᠪᠴᠤ᠂ ᠳᠠᠭᠠᠳᠬᠠᠯ ᠳᠤ ᠣᠷᠣᠯᠴᠠᠭᠴᠢ ︽ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠡ ᠶᠢ ᠪᠠᠭᠤᠯᠭᠠᠨ ᠠᠪᠴᠤ ᠳᠠᠩᠰᠠᠯᠠᠭᠤᠯᠵᠤ ᠪᠣᠯᠣᠨ᠎ᠠ᠂ ᠢᠩᠭᠢᠪᠡᠯ ᠳᠠᠷᠤᠢ ᠬᠤᠪᠢ ᠬᠥᠮᠥᠨ ᠤ ᠡᠮᠴᠢᠯᠡᠭᠡ ᠶᠢᠨ ᠳᠠᠭᠠᠳᠬᠠᠯ ᠤᠨ ᠺᠣᠳ᠋ ᠢᠶᠠᠨ ᠠᠮᠢᠯᠠᠭᠤᠯᠵᠤ ᠪᠣᠯᠣᠨ᠎ᠠ᠃     ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠳᠠᠭᠠᠳᠬᠠᠯ ᠳᠤ ᠣᠷᠣᠯᠴᠠᠭᠴᠢ ᠰᠢᠯᠵᠢᠶ᠎ᠡ ᠳᠡᠭᠡᠷ᠎ᠡ ᠭᠠᠷᠤᠭᠰᠠᠨ ᠤ ᠳᠠᠷᠠᠭ᠎ᠠ ᠳᠠᠷᠤᠢ ᠲᠦᠷᠭᠡᠨ ᠬᠤᠪᠢ ᠬᠥᠮᠥᠨ ᠤ ᠲᠣᠯᠣᠭᠠᠢ ᠶᠢᠨ ᠵᠢᠷᠤᠭ ᠢᠶᠠᠨ ᠳᠠᠷᠤᠵᠤ᠂ ︽ᠲᠠᠩᠰᠠᠨ ᠨᠣᠮᠧᠷ ᠨᠢᠭᠤᠴᠠ ᠨᠣᠮᠧᠷ︾᠎ ᠤᠨ ᠪᠤᠯᠤᠩ ᠳᠤ ᠣᠷᠣᠵᠤ᠂ ᠠᠶᠠᠳᠠᠯ ᠨᠢᠭᠤᠴᠠ ᠨᠣᠮᠧᠷ ᠢᠶᠠᠨ ᠵᠠᠰᠠᠵᠤ᠂ ᠳᠠᠩᠰᠠᠯᠠᠬᠤ ᠦᠶ᠎ᠡ ᠳᠤ ᠨᠢᠭᠤᠴᠠ ᠨᠣᠮᠧᠷ ᠢᠶᠠᠨ ᠮᠠᠷᠲᠠᠭᠰᠠᠨ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠢ ᠭᠡᠵᠦ ᠰᠠᠨᠠᠭᠤᠯᠪᠠ᠃     ᠲᠥᠷᠥᠯ ᠰᠠᠳᠤᠨ ᠤ ᠲᠠᠩᠰᠠᠨ ᠡᠷᠦᠭᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠳᠤ ᠳᠠᠭᠠᠳᠬᠠᠯ ᠳᠤ ᠣᠷᠣᠯᠴᠠᠬᠰᠠᠨ ᠬᠤᠪᠢ ᠬᠥᠮᠥᠨ ᠢ ᠳᠠᠭᠠᠳᠬᠠᠯ ᠳᠤ ᠣᠷᠣᠯᠴᠠᠬᠰᠠᠨ ᠭᠠᠵᠠᠷ ᠤᠨ ᠲᠤᠬᠠᠢ ᠶᠢᠨ ᠲᠠᠯᠠᠪᠠᠢ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠳᠤ ᠣᠴᠢᠭᠤᠯᠵᠤ᠂ ᠭᠠᠷᠲᠠᠨ ᠭᠦᠢᠴᠡᠳᠭᠡᠭᠴᠢ ᠳᠤ ᠡᠮᠴᠢᠯᠡᠭᠡᠨ ᠤ ᠳᠠᠭᠠᠳᠬᠠᠯ ᠤᠨ ᠲᠥᠷᠥᠯ ᠰᠠᠳᠤᠨ ᠤ ᠲᠠᠩᠰᠠᠨ ᠡᠷᠦᠭᠡ ᠶᠢ ᠲᠤᠬᠠᠢ ᠶᠢᠨ ᠲᠠᠯᠠᠪᠠᠢ ᠳᠤ ᠬᠤᠯᠪᠣᠬᠤ ᠦᠢᠯᠡᠴᠢᠯᠡᠭᠡ ᠬᠢᠯᠭᠡᠬᠦ ᠴᠢᠬᠤᠯᠠᠲᠠᠢ ᠭᠡᠵᠦ ᠮᠡᠳᠡᠭᠳᠡᠬᠦ ᠶᠢᠨ ᠵᠡᠷᠭᠡ ᠎ ᠪᠠᠷ᠂ ᠳᠠᠭᠠᠳᠬᠠᠯ ᠳᠤ ᠣᠷᠣᠯᠴᠠᠬᠰᠠᠨ ᠭᠠᠵᠠᠷ ᠤᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ ᠪᠡᠶ᠎ᠡ ᠶᠢᠨ ᠬᠢᠷᠢ ᠭᠡᠮ ᠤᠨ ᠮᠠᠲ᠋ᠧᠷᠢᠶᠠᠯ ᠬᠠᠩᠭᠠᠵᠤ᠂ ᠭᠠᠷᠲᠠᠨ ᠭᠦᠢᠴᠡᠳᠭᠡᠭᠴᠢ ᠠᠴᠠ ᠰᠢᠰᠲ᠋ᠧᠮ ᠢᠶᠠᠷ ᠳᠠᠮᠵᠢᠭᠤᠯᠤᠨ ᠲᠥᠷᠥᠯ ᠰᠠᠳᠤᠨ ᠤ ᠲᠠᠩᠰᠠᠨ ᠡᠷᠦᠭᠡ ᠶᠢᠨ ᠬᠠᠷᠢᠴᠠᠭ᠎ᠠ ᠶᠢ ᠣᠷᠣᠯᠠᠨ ᠬᠤᠯᠪᠣᠭᠰᠠᠨ ᠤ ᠳᠠᠷᠠᠭ᠎ᠠ᠂︽ᠤᠯᠤᠰ ᠤᠨ ᠡᠮ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡᠨ ᠤ ᠲᠠᠪᠴᠠᠩ︾ ᠰᠢᠯᠵᠢᠶ᠎ᠡ ᠳᠤ ᠳᠠᠩᠰᠠᠯᠠᠭᠤᠯᠵᠤ᠂ ︽ᠲᠥᠷᠥᠯ ᠰᠠᠳᠤᠨ ᠤ ᠲᠠᠩᠰᠠᠨ ᠡᠷᠦᠭᠡ︾᠎ ᠶᠢᠨ ᠬᠠᠭᠤᠳᠠᠰᠤᠨ ᠳᠤ ᠨᠢᠭᠡᠨᠲᠡ ᠠᠮᠵᠢᠯᠲᠠ ᠲᠠᠢ ᠪᠠᠷ ᠨᠡᠮᠡᠭᠰᠡᠨ ᠭᠡᠷ ᠪᠦᠯᠢ ᠶᠢᠨ ᠪᠦᠷᠢᠯᠳᠦᠭᠦᠨ ᠢ ᠪᠠᠶᠢᠴᠠᠭᠠᠨ ᠦᠵᠡᠵᠦ ᠪᠣᠯᠣᠨ᠎ᠠ᠃     ᠣᠶᠢᠯᠠᠭᠠᠭᠰᠠᠨ ᠢᠶᠠᠷ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠡᠮᠴᠢᠯᠡᠭᠡᠨ ᠤ ᠳᠠᠭᠠᠳᠬᠠᠯ ᠤᠨ ᠺᠣᠳ᠋ ᠤᠨ ᠬᠡᠷᠡᠭᠯᠡᠭᠡᠨ ᠤ ᠴᠢᠳᠠᠮᠵᠢ ᠶᠢ ᠦᠷᠭᠦᠯᠵᠢᠯᠡᠨ ᠰᠢᠯᠢᠳᠡᠭᠵᠢᠭᠦᠯᠦᠨ ᠳᠥᠭᠦᠮᠴᠢᠯᠡᠵᠦ᠂ ᠡᠮᠴᠢᠯᠡᠭᠡᠨ ᠤ ᠳᠠᠭᠠᠳᠬᠠᠯ ᠤᠨ ᠺᠣᠳ᠋ ᠤᠨ ᠲᠣᠮᠣ ᠥᠰᠥᠭ ᠤᠨ ᠬᠡᠪᠯᠡᠯ ᠵᠡᠷᠭᠡ ᠦᠢᠯᠡᠴᠢᠯᠡᠭᠡ ᠶᠢ ᠤᠷᠢᠳ ᠬᠤᠵᠢᠳ ᠭᠠᠷᠭᠠᠭᠰᠠᠨ ᠪᠥᠭᠡᠳ ᠬᠡᠰᠡᠭ ᠭᠠᠵᠠᠷ ᠣᠷᠣᠨ ᠳᠤ ᠡᠮᠴᠢᠯᠡᠭᠡᠨ ᠤ ᠳᠠᠭᠠᠳᠬᠠᠯ ᠤᠨ ᠺᠣᠳ᠋ ᠢᠶᠠᠷ ᠡᠪᠡᠳᠴᠢᠨ ᠦᠵᠡᠭᠦᠯᠭᠦ ᠳᠤ ︽ᠨᠢᠭᠡ ᠺᠣᠳ᠋ ᠢᠶᠠᠷ ᠲᠣᠭᠠᠴᠠᠭ᠎ᠠ ᠬᠢᠬᠦ︾᠎ ᠶᠢ ᠤᠷᠢᠳ ᠢᠶᠠᠷ ᠪᠡᠶᠡᠯᠡᠭᠦᠯᠵᠦ᠂ ᠡᠮᠴᠢᠯᠡᠭᠡᠨ ᠤ ᠳᠠᠭᠠᠳᠬᠠᠯ ᠤᠨ ᠺᠣᠳ᠋ ᠢ ᠬᠡᠷᠡᠭᠯᠡᠬᠦ ᠪᠡᠶᠡᠴᠢ ᠣᠶᠢᠯᠠᠭᠠᠯᠲᠠ ᠶᠢ ᠦᠷᠭᠦᠯᠵᠢᠯᠡᠨ ᠳᠡᠭᠡᠭᠰᠢᠯᠡᠭᠦᠯᠪᠡ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ