ᠬᠦᠢᠲᠡᠨ ᠠᠴᠠ ᠲᠠᠲᠠᠭᠠᠯᠵᠠᠭᠠᠷᠠᠢ
ᠨᠡᠶᠢᠲᠡᠯᠡᠭᠰᠡᠨ ᠴᠠᠭ᠄
2024/6/27
     ᠵᠤᠨ ᠪᠣᠯᠪᠠᠯ ᠵᠠᠷᠢᠮ ᠬᠥᠮᠥᠨ ᠠᠭᠠᠷ ᠲᠣᠬᠢᠷᠠᠭᠤᠯᠤᠭᠴᠢ ᠲᠠᠢ ᠥᠷᠥᠭᠡᠨ ᠳᠤ ᠣᠷᠳᠣ ᠬᠤᠭᠤᠴᠠᠭ᠎ᠠ ᠪᠠᠷ ᠰᠠᠭᠤᠬᠤ ᠳᠤᠷᠠᠲᠠᠢ ᠪᠠᠶᠢᠵᠤ᠂ ᠵᠠᠷᠢᠮ ᠨᠢ ᠬᠦᠢᠲᠡᠨ ᠤᠮᠳᠠᠭᠠᠨ ᠤᠤᠭᠤᠬᠤ ᠳᠠᠳᠬᠠᠯ ᠲᠠᠢ ᠪᠠᠶᠢᠳᠠᠭ᠃ ᠡᠳᠡᠭᠡᠷ ᠳᠠᠳᠬᠠᠯ ᠨᠢ ᠬᠥᠮᠥᠨ ᠤ ᠪᠡᠶ᠎ᠡ ᠶᠢ ᠠᠮᠠᠷᠬᠠᠨ ᠭᠡᠮᠲᠦᠭᠡᠵᠦ᠂ ᠰᠢᠨ᠎ᠡ ᠬᠠᠭᠤᠴᠢᠨ ᠤ ᠰᠣᠯᠢᠯᠴᠠᠭ᠎ᠠ ᠶᠢ ᠤᠳᠠᠭᠠᠰᠢᠷᠠᠭᠤᠯᠳᠠᠭ᠃ ᠡᠶᠢᠮᠦ ᠠᠴᠠ ᠵᠤᠨ ᠤ ᠴᠠᠭ ᠪᠡᠶ᠎ᠡ ᠰᠤᠪᠢᠯᠠᠬᠤ ᠳᠤ ᠬᠦᠢᠲᠡᠨ ᠳᠤ ᠳᠤᠷᠠᠯᠠᠵᠤ ᠪᠤᠯᠬᠤ ᠦᠭᠡᠢ᠂ ᠤᠷᠲᠤ ᠬᠤᠭᠤᠴᠠᠭ᠎ᠠ ᠪᠠᠷ ᠠᠭᠠᠷ ᠲᠣᠬᠢᠷᠠᠭᠤᠯᠤᠭᠴᠢ ᠬᠡᠷᠡᠭᠯᠡᠵᠦ ᠪᠤᠯᠬᠤ ᠦᠭᠡᠢ᠂ ᠵᠣᠬᠢᠬᠤ ᠬᠡᠮᠵᠢᠶᠡᠨ ᠤ ᠬᠥᠯᠥᠰᠦ ᠭᠠᠷᠭᠠᠵᠤ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠪᠠ ᠰᠣᠯᠢᠯᠴᠠᠭᠠᠨ ᠤ ᠬᠠᠶᠠᠭᠳᠠᠮᠠᠯ ᠪᠣᠳᠠᠰ ᠢ ᠭᠠᠳᠠᠭᠰᠢᠯᠠᠭᠤᠯᠬᠤ ᠬᠡᠷᠡᠭᠲᠡᠢ᠃ ᠬᠥᠯᠳᠡᠭᠡᠭᠦᠷ ᠠᠴᠠ ᠠᠪᠴᠤ ᠭᠠᠷᠭᠠᠭᠰᠠᠨ ᠢᠳᠡᠭᠡᠨ ᠢ 1 ᠴᠠᠭ ᠲᠠᠯᠪᠢᠭᠰᠠᠨ ᠤ ᠳᠠᠷᠠᠭ᠎ᠠ ᠰᠠᠶ᠋ᠢ ᠢᠳᠡᠵᠦ᠂ ᠲᠦᠭᠦᠬᠡᠢ ᠬᠦᠢᠲᠡᠨ ᠢᠳᠡᠭᠡᠨ ᠤ ᠬᠤᠳᠣᠭᠤᠳᠤ ᠭᠡᠳᠡᠰᠦᠨ ᠳᠤ ᠰᠡᠳᠦᠯᠲᠡ ᠥᠭᠬᠦ ᠠᠴᠠ ᠬᠢᠴᠢᠶᠡᠬᠦ ᠬᠡᠷᠡᠭᠲᠡᠢ᠃ ᠡᠭᠦᠨ ᠠᠴᠠ ᠭᠠᠳᠠᠨ᠎ᠠ ᠤᠨᠲᠠᠵᠤ ᠠᠮᠠᠷᠠᠬᠤ ᠪᠠᠨ ᠲᠣᠬᠢᠷᠠᠭᠤᠯᠤᠨ᠂ ᠦᠳᠡ ᠳᠡᠭᠡᠨ ᠲᠦᠷ ᠵᠠᠭᠤᠷ᠎ᠠ ᠴᠦ ᠭᠡᠰᠡᠨ ᠤᠨᠲᠠᠵᠤ ᠠᠮᠠᠷᠠᠪᠠᠯ ᠵᠣᠬᠢᠨ᠎ᠠ᠃ ᠳᠠᠭᠢᠪᠠᠯ ᠥᠨᠳᠥᠷ ᠳᠤᠯᠠᠭᠠᠨ ᠳᠤ ᠨᠠᠷᠠᠰᠢᠬᠤ ᠠᠴᠠ ᠰᠡᠷᠭᠡᠶᠢᠯᠡᠵᠦ᠂ ᠭᠡᠷ ᠤᠨ ᠭᠠᠳᠠᠨᠠᠬᠢ ᠬᠥᠳᠡᠯᠭᠡᠭᠡᠨ ᠳᠤ ᠣᠷᠤᠯᠴᠠᠬᠤ ᠪᠠᠨ ᠪᠠᠭᠠᠰᠬᠠᠵᠤ᠂ ᠬᠠᠮᠠᠭᠠᠯᠠᠯᠲᠠ ᠪᠠᠨ ᠰᠠᠶᠢᠲᠤᠷ ᠬᠢᠬᠦ ᠬᠡᠷᠡᠭᠲᠡᠢ᠃ ᠠᠯᠢ ᠴᠢᠳᠠᠬᠤ ᠪᠠᠷ ᠥᠭᠡᠬᠦ ᠲᠣᠰᠣ ᠪᠠᠭᠠᠲᠠᠢ ᠢᠳᠡᠭᠡᠨ ᠢᠳᠡᠵᠦ ᠪᠡᠶ᠎ᠡ ᠶᠢᠨ ᠡᠷᠡᠭᠦᠯ ᠮᠡᠨᠳᠦ ᠪᠠᠨ ᠠᠩᠬᠠᠷᠪᠠᠯ ᠵᠣᠬᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ