ᠳᠤᠮᠳᠠᠳᠤ ᠤᠯᠤᠰ ᠤᠨ ᠬᠢᠲᠠᠳ ᠡᠮᠨᠡᠯᠭᠡ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠭᠤᠸᠠᠩ ᠠᠨ ᠮᠧᠨ ᠡᠮᠨᠡᠯᠭᠡ ᠶᠢᠨ ᠬᠤᠷᠢᠶ᠎ᠠ ᠵᠡᠷᠭᠡ | ᠪᠠᠶᠢᠭᠤᠯᠤᠮᠵᠢ ᠶᠢᠨ ᠰᠤᠳᠤᠯᠭᠠᠲᠠᠳ ᠤᠨ ᠢᠯᠡᠷᠡᠭᠦᠯᠦᠭᠰᠡᠨ ᠢᠶᠠᠷ᠂ ᠨᠡᠷᠡᠬᠦᠢ ᠨᠢᠳᠤᠷᠭ᠎ᠠ ᠪᠣᠯᠪᠠᠰᠤᠷᠠᠬᠤ ᠨᠢ ᠨᠠᠰᠤᠨ ᠳᠤ ᠭᠦᠷᠦᠭᠰᠡᠳ ᠤᠨ ᠡᠬᠢᠨ ᠤ ᠬᠤᠭᠤᠴᠠᠭᠠᠨ ᠤ | ᠴᠢᠰᠤᠨ ᠳᠠᠷᠤᠯᠲᠠ ᠥᠨᠳᠥᠷ ᠡᠪᠡᠳᠴᠢᠨ ᠳᠤ ᠲᠤᠰᠠᠲᠠᠢ ᠪᠠᠶᠢᠵᠤ᠂ ᠦᠢᠯᠡᠳᠦᠯ ᠨᠢ ᠪᠤᠰᠤᠳ ᠪᠣᠯᠪᠠᠰᠤᠷᠠᠯ ᠬᠢᠬᠦ ᠠᠴᠠ ᠨᠠᠩ ᠢᠯᠡᠷᠬᠡᠢ ᠪᠠᠶᠢᠳᠠᠭ ᠢ ᠣᠯᠵᠤ ᠮᠡᠳᠡᠵᠡᠢ᠃ | ᠰᠤᠳᠤᠯᠭᠠᠲᠠᠳ ᠠᠴᠠ ᠨᠡᠷᠡᠬᠦᠢ ᠨᠢᠳᠤᠷᠭ᠎ᠠ ᠪᠣᠯᠣᠨ ᠪᠤᠰᠤᠳ ᠬᠦᠴᠢᠯᠲᠥ᠋ᠷᠥᠭᠴᠢᠲᠦ ᠬᠥᠳᠡᠯᠭᠡᠭᠡᠨ ︵ᠵᠢᠱᠢᠶᠡᠯᠡᠪᠡᠯ ᠠᠭᠠᠵᠢᠮ ᠭᠦᠶᠦᠬᠦ᠂ ᠬᠤᠷᠳᠤᠨ ᠠᠯᠬᠤᠬᠤ ᠪᠠ | ᠳᠤᠭᠤᠢ ᠤᠨᠤᠬᠤ︶ ᠤ ᠴᠢᠰᠤᠨ ᠳᠠᠷᠤᠯᠲᠠ ᠥᠨᠳᠥᠷ ᠡᠪᠡᠳᠴᠢᠲᠡᠨ ᠳᠤ ᠦᠵᠡᠭᠦᠯᠭᠦ ᠨᠥᠯᠥᠭᠡ ᠶᠢ ᠬᠠᠷᠢᠴᠠᠭᠤᠯᠪᠠ᠃ ᠦᠷ᠎ᠡ ᠳ᠋ᠦᠩ ᠠᠴᠠ ᠦᠵᠡᠪᠡᠯ᠂ ᠨᠡᠷᠡᠬᠦᠢ | ᠨᠢᠳᠤᠷᠭ᠎ᠠ ᠶᠢᠨ ᠠᠪᠴᠢᠯᠲᠠ ᠶᠢᠨ ᠳᠠᠷᠤᠯᠲᠠ ᠶᠢᠨ ᠳᠣᠷᠣᠭᠰᠢᠯᠠᠬᠤ ᠬᠡᠮᠵᠢᠶ᠎ᠡ ᠨᠢ ᠬᠦᠴᠢᠯᠲᠥ᠋ᠷᠥᠭᠴᠢᠲᠦ ᠬᠥᠳᠡᠯᠭᠡᠭᠡᠨ ᠠᠴᠠ ᠢᠯᠡᠷᠬᠡᠢ ᠶᠡᠭᠡ ᠪᠥᠭᠡᠳ ᠨᠡᠷᠡᠬᠦᠢ | ᠨᠢᠳᠤᠷᠭ᠎ᠠ ᠨᠢ ᠳᠠᠷᠤᠯᠲᠠ ᠶᠢ ᠤᠳᠠᠭᠠᠨ ᠪᠥᠭᠡᠳ ᠦᠷᠭᠦᠯᠵᠢᠯᠡᠨ ᠪᠠᠭᠤᠷᠠᠭᠤᠯᠬᠤ ᠦᠢᠯᠡᠳᠦᠯ ᠲᠠᠢ᠃ ᠬᠦᠴᠢᠯᠲᠥ᠋ᠷᠥᠭᠴᠢᠲᠦ ᠪᠣᠯᠪᠠᠰᠤᠷᠠᠯ ᠲᠠᠢ ᠠᠳᠠᠯᠢ ᠦᠭᠡᠢ᠂ | ᠨᠡᠷᠡᠬᠦᠢ ᠨᠢᠳᠤᠷᠭ᠎ᠠ ᠶᠢᠨ ᠬᠦᠴᠦᠯᠡᠴᠡ ᠶᠢᠨ ᠬᠡᠮᠵᠢᠶ᠎ᠡ ᠳᠣᠣᠷ᠎ᠠ᠂ ᠡᠯ᠎ᠡ ᠨᠠᠰᠤᠨ ᠤ ᠦᠶ᠎ᠡ ᠪᠠ ᠪᠡᠶ᠎ᠡ ᠶᠢᠨ ᠴᠢᠳᠠᠪᠤᠷᠢ ᠶᠢᠨ ᠬᠢᠷᠢ ᠲᠦᠪᠰᠢᠨ ᠲᠠᠢ ᠬᠥᠮᠥᠨ ᠳᠤ ᠴᠥᠮ | ᠲᠣᠬᠢᠷᠠᠨ᠎ᠠ᠃ ᠲᠡᠷᠡ ᠨᠢ ᠪᠡᠶ᠎ᠡ ᠶᠢᠨ ᠲᠡᠩᠴᠡᠭᠦᠷᠢ ᠪᠠ ᠵᠢᠷᠦᠬᠡ ᠠᠭᠤᠰᠬᠢᠨ ᠤ ᠠᠵᠢᠯᠯᠠᠭ᠎ᠠ ᠶᠢ ᠰᠠᠶᠢᠵᠢᠷᠠᠭᠤᠯᠬᠤ ᠳᠤ ᠲᠤᠰᠠᠲᠠᠢ ᠪᠠᠷ ᠪᠠᠷᠠᠬᠤ ᠦᠭᠡᠢ᠂ ᠪᠠᠰᠠ | ᠲᠠᠯᠪᠢᠭᠤᠷᠠᠬᠤ ᠶᠢ ᠠᠬᠢᠭᠤᠯᠤᠨ᠎ᠠ᠂ ᠡᠨᠡ ᠨᠢ ᠳᠠᠷᠤᠢ ᠳᠠᠷᠤᠯᠲᠠ ᠶᠢᠨ ᠲᠦᠪᠰᠢᠨ ᠢ ᠪᠠᠭᠤᠷᠠᠭᠤᠯᠬᠤ ᠶᠢᠨ ᠤᠯᠠᠮ ᠠᠴᠠ ᠴᠢᠰᠤᠨ ᠳᠠᠷᠤᠯᠲᠠ ᠶᠢ ᠪᠠᠭᠤᠷᠠᠭᠤᠯᠬᠤ ᠳᠤ | ᠲᠤᠰᠠᠲᠠᠢ᠃ | |