ᠨᠢᠭᠡᠳᠦᠭᠡᠷ ᠤᠯᠠᠷᠢᠯ ᠳᠤ ᠮᠠᠨ ᠤ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠦᠷᠳᠡᠭ 793.13 ᠳ᠋ᠥᠡᠭᠰᠢᠭᠤᠷ ᠲᠦᠭᠦᠷᠢᠭ ᠲᠤ ᠭᠦᠷᠪᠡ
ᠨᠡᠶᠢᠲᠡᠯᠡᠭᠰᠡᠨ ᠴᠠᠭ᠄
2024/6/27
     ᠨᠢᠭᠡᠳᠦᠭᠡᠷ ᠤᠯᠠᠷᠢᠯ ᠳᠤ᠂ ᠮᠠᠨ ᠤ ᠬᠤᠳᠠ ᠶᠢᠨ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠦᠷᠳᠡᠭ 793.13 ᠳ᠋ᠥᠡᠭᠰᠢᠭᠤᠷ ᠲᠦᠭᠦᠷᠢᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 5.1% ᠨᠡᠮᠡᠭᠳᠡᠪᠡ᠃     ᠭᠡᠪᠴᠢᠶᠠᠵᠢᠯ ᠠᠴᠠ ᠲᠡᠭᠡᠭᠰᠢᠭᠢ ᠠᠷᠠᠳ ᠠᠴᠠ ᠡᠵᠡᠩᠨᠡᠭᠰᠡᠨ ᠠᠵᠤ ᠦᠢᠯᠡᠳᠪᠤᠷᠢ ᠶᠢᠨ ᠠᠵᠤ ᠠᠬᠤᠶᠢᠯᠠᠯ 491 ᠪᠠᠶᠢᠵᠤ᠂ ᠭᠡᠪᠴᠢᠶᠠᠵᠢᠯ ᠠᠴᠠ ᠲᠡᠭᠡᠰᠢᠭᠢ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠶᠡᠷᠦᠩᠭᠡᠢ ᠲᠤᠭᠠᠨ ᠤ 77.0 %᠎ ᠶᠢ ᠡᠵᠡᠯᠡᠨ᠂ ᠨᠡᠮᠡᠭᠳᠡᠯ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 6.7 % ᠨᠡᠮᠡᠭᠳᠡᠵᠤ᠂ ᠭᠡᠪᠴᠢᠶᠠᠵᠢᠯ ᠠᠴᠠ ᠲᠡᠭᠡᠭᠰᠢᠭᠢ ᠠᠵᠤ ᠦᠢᠯᠡᠳᠪᠤᠷᠢ ᠶᠢᠨ ᠨᠡᠮᠡᠭᠳᠡᠯ ᠦᠷᠳᠡᠭ ᠤᠨ 49.5 %᠎ ᠶᠢ ᠡᠵᠡᠯᠡᠪᠡ᠃ ᠠᠷᠠᠳ ᠤᠨ ᠪᠠᠯᠠ ᠤᠷᠤᠭᠤᠯᠤᠯᠳᠠ ᠠᠳᠠᠯᠢ ᠬᠤᠭᠤᠴᠠᠭᠠᠨ ᠤ ᠬᠢ ᠠᠴᠠ 28.1% ᠨᠡᠮᠡᠭᠳᠡᠵᠤ᠂ ᠲᠤᠬᠳᠠᠮᠠᠯ ᠭᠦᠷᠦᠩᠭᠡ ᠶᠢᠨ ᠪᠠᠯᠠ ᠤᠷᠤᠭᠤᠯᠤᠯᠳᠠ ᠶᠢᠨ 47.2 %᠎ ᠢ ᠡᠵᠡᠯᠡᠪᠡ᠃ ᠠᠷᠠᠳ ᠠᠴᠠ ᠡᠵᠡᠩᠨᠡᠭᠰᠡᠨ ᠨᠡᠶᠢᠭᠡᠮ ᠤᠨ ᠭᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ 144.6 ᠳ᠋ᠥᠡᠭᠰᠢᠭᠤᠷ ᠲᠦᠭᠦᠷᠢᠭ ᠲᠤ ᠭᠦᠷᠴᠦ᠂ ᠠᠳᠠᠯᠢ ᠬᠤᠭᠤᠴᠠᠭᠠᠨ ᠤ ᠬᠢ ᠠᠴᠠ 4.6 % ᠨᠡᠮᠡᠭᠳᠡᠨ᠂ ᠨᠡᠶᠢᠭᠡᠮ ᠤᠨ ᠭᠡᠷᠡᠭᠯᠡᠭᠡᠨ ᠤ ᠵᠦᠢᠯᠡᠰ ᠢ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭᠠᠨ ᠤ 91.0 %᠎ ᠶᠢ ᠡᠵᠡᠯᠡᠪᠡ᠃ ᠭᠡᠪᠴᠢᠶᠠᠵᠢᠯ ᠠᠴᠠ ᠲᠡᠭᠡᠭᠰᠢᠭᠢ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 225 ᠪᠠᠶᠢᠵᠤ᠂ ᠭᠡᠪᠴᠢᠶᠠᠵᠢᠯ ᠠᠴᠠ ᠲᠡᠭᠡᠭᠰᠢᠭᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠶᠡᠷᠦᠩᠭᠡᠢ ᠲᠤᠭᠠᠨ ᠤ 74.8 %᠎ ᠶᠢ ᠡᠵᠡᠯᠡᠨ᠂ ᠡᠵᠡᠩᠨᠡᠯᠳᠡ ᠶᠢᠨ ᠤᠷᠤᠯᠭ᠎ᠠ ᠶᠢ 52.3 ᠳ᠋ᠥᠡᠭᠰᠢᠭᠤᠷ ᠲᠦᠭᠦᠷᠢᠭ ᠪᠡᠶᠡᠯᠡᠭᠦᠯᠵᠤ᠂ ᠭᠡᠪᠴᠢᠶᠠᠵᠢᠯ ᠠᠴᠠ ᠲᠡᠭᠡᠭᠰᠢᠭᠢ ᠦᠢᠯᠡᠴᠢᠯᠡᠭᠡᠨ ᠤ ᠦᠢᠯᠡᠰ ᠤᠨ 46.1 %᠎ ᠶᠢ ᠡᠵᠡᠯᠡᠪᠡ᠃
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ