ᠮᠠᠨ ᠤ ᠬᠤᠲᠠ ᠶᠢᠨ 15 ᠰᠣᠶᠣᠯ ᠤᠨ ᠡᠷᠦᠬᠡ 2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠪᠠᠷ ᠦᠨᠡᠯᠡᠭᠳᠡᠵᠡᠢ
ᠨᠡᠶᠢᠲᠡᠯᠡᠭᠰᠡᠨ ᠴᠠᠭ᠄
2024/6/27
     ᠭᠢᠶ᠎ᠠ ᠪᠠᠭᠰᠢ ᠶᠢᠨ ᠮᠡᠳᠡᠭᠡ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠡᠯ ᠤᠨ ᠲᠢᠩᠬᠢᠮ ᠠᠴᠠ 2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠶᠢᠨ ᠨᠡᠷᠡᠰ ᠢ ᠨᠡᠶᠢᠲᠡᠯᠡᠵᠦ᠂ ᠪᠥᠬᠦ ᠣᠷᠣᠨ ᠳᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ 120 ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠶᠢ ᠰᠢᠯᠭᠠᠷᠠᠭᠤᠯᠤᠨ ᠭᠠᠷᠭᠠᠵᠠᠶ᠂ ᠡᠭᠦᠨ ᠳᠤ ᠮᠠᠨ ᠤ ᠬᠤᠲᠠ ᠶᠢᠨ 15 ᠰᠣᠶᠣᠯ ᠤᠨ ᠡᠷᠦᠬᠡ ᠰᠣᠩᠭᠤᠭᠳᠠᠭᠰᠠᠨ ᠪᠠᠶᠢᠨ᠎ᠠ᠃     ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠰᠣᠶᠣᠯ ᠤᠨ ᠭᠦᠭᠵᠢᠯᠳᠡ ᠶᠢ ᠠᠬᠢᠭᠤᠯᠬᠤ᠂ ᠬᠥᠳᠡᠭᠡ ᠲᠣᠰᠬᠤᠨ ᠤ ᠪᠤᠯᠪᠠᠰᠤᠨ ᠰᠤᠷᠳᠡᠯ ᠢ ᠰᠤᠷᠳᠠᠯᠴᠢᠯᠠᠬᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠰᠣᠶᠣᠯ ᠤᠨ ᠡᠷᠦᠬᠡ ᠶᠢᠨ ᠢᠳᠡᠪᠬᠢ ᠦᠢᠯᠡᠳᠦᠯ ᠢ ᠨᠡᠩ ᠰᠠᠶᠢᠨ ᠪᠠᠳᠠᠷᠠᠭᠤᠯᠦᠨ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠬᠥᠭᠵᠢᠯᠲᠡ ᠶᠢ ᠲᠠᠭᠤᠷᠢᠶᠡᠯ ᠦᠵᠡᠭᠦᠯᠦᠨ ᠳᠠᠶᠢᠴᠢᠯᠠᠵᠤ᠂ ᠮᠠᠯᠴᠢᠨ ᠲᠠᠷᠢᠶᠠᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠡᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠳᠤᠰᠬᠤᠨ ᠮᠠᠯᠵᠢᠬᠤ ᠤᠷᠤᠨ ᠤ ᠲᠢᠩᠬᠢᠮ ᠤᠨ ᠬᠠᠮᠲᠤ ᠪᠠᠷ ᠳᠠᠷᠤᠮᠠᠯᠯᠠᠨ ᠲᠠᠷᠬᠠᠭᠠᠬᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠶᠢ ᠲᠡᠮᠵᠢᠨ ᠬᠥᠭᠵᠢᠭᠦᠯᠬᠦ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠵᠢᠴᠢ ᠲᠠᠭᠤᠷᠢᠶᠡᠯ ᠦᠵᠡᠭᠦᠯᠬᠦ ᠡᠷᠦᠬᠡ ᠶᠢᠨ ᠦᠨᠳᠦᠰᠦᠨ ᠪᠠᠷᠢᠮᠵᠢᠶ᠎ᠠ︾᠎ ᠲᠠᠢ ᠤᠶᠠᠯᠳᠤᠭᠤᠯᠤᠨ᠂ ᠡᠯ᠎ᠡ ᠭᠠᠵᠠᠷ ᠤᠨ ᠬᠢᠨ ᠱᠠᠲᠤ ᠱᠠᠲᠤ ᠪᠠᠷ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠡᠯ ᠤᠨ ᠲᠢᠩᠬᠢᠮ ᠠᠴᠠ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ 2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠶᠢ ᠰᠢᠯᠭᠠᠷᠠᠭᠤᠯᠬᠤ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ 120 ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠶᠢ ᠰᠢᠯᠭᠠᠷᠠᠭᠤᠯᠪᠠ᠃ ᠣᠲᠣᠬᠠᠨ ᠪᠣᠯᠲᠠᠯ᠎ᠠ᠂ ᠮᠠᠨ ᠤ ᠬᠤᠲᠠ ᠳᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠨᠡᠶᠢᠲᠡ 60 ᠪᠠᠶᠢᠨ᠎ᠠ᠃ ︵ᠰᠤᠶᠤᠯ ᠪᠡ ᠵᠤᠭᠠᠴᠡᠯ ᠤᠨ ᠲᠤᠪᠴᠢᠶ᠎ᠠ ᠠᠴᠠ ᠬᠠᠨᠭ᠍ᠭᠠᠪᠡ︶
ᠢᠷᠡᠯᠲᠡ᠄ ᠤᠷᠳᠤᠰ ᠤᠨ ᠡᠳᠤᠷ ᠤᠨ ᠰᠤᠨᠢᠨ