ᠬᠤᠪᠢ ᠶᠢᠨ ᠮᠠᠰᠢᠨ
ᠨᠡᠶᠢᠲᠡᠯᠡᠭᠰᠡᠨ ᠴᠠᠭ᠄
2024/6/27
     ᠠᠮᠧᠷᠢᠺᠠ ᠶᠢᠨ ᠳ᠋ᠦᠺ ᠶᠡᠭᠡ ᠰᠤᠷᠭᠠᠭᠤᠯᠢ ᠶᠢᠨ ᠰᠤᠳᠤᠯᠭᠠᠲᠠᠳ ᠠᠴᠠ 101 ᠮᠠᠰᠢᠨ ᠲᠡᠷᠭᠡᠨ ᠳᠤ ᠪᠠᠶᠢᠴᠠᠭᠠᠯᠲᠠ ᠬᠢᠭᠰᠡᠨ ᠤ ᠳ᠋ᠦᠩ ᠳᠤ ᠴᠥᠮ ᠰᠢᠲᠠᠯᠲᠠ  ᠶᠢ ᠬᠤᠷᠢᠭᠯᠠᠬᠤ ᠡᠳ᠋ ᠪᠠᠶᠢᠬᠤ ᠶᠢ ᠪᠠᠶᠢᠴᠠᠭᠠᠨ ᠣᠯᠵᠠᠢ᠃ ᠡᠭᠦᠨ ᠳᠤ 99% ᠶᠢᠨ ᠮᠠᠰᠢᠨ ᠲᠡᠷᠭᠡᠨ ᠳᠤ ᠹᠣᠰᠹᠣᠷ ᠬᠦᠴᠢᠯ ᠤᠨ ᠭᠤᠷᠪᠠᠴᠢ ᠡᠰᠲ᠋ᠧᠷ ᠠᠭᠤᠯᠵᠤ ᠪᠠᠶᠢᠳᠠᠭ᠃ ᠡᠨᠡ ᠪᠣᠯ ᠨᠢᠭᠡ ᠵᠦᠢᠯ ᠤᠨ ᠰᠢᠲᠠᠯᠲᠠ ᠶᠢ ᠬᠤᠷᠢᠭᠯᠠᠬᠤ ᠡᠳ᠋ ᠪᠠᠶᠢᠵᠤ᠂ ᠣᠲᠣ ᠶᠠᠭ ᠠᠮᠧᠷᠢᠺᠠ ᠶᠢᠨ ᠤᠯᠤᠰ ᠤᠨ ᠬᠤᠣᠷ ᠵᠦᠢ ᠶᠢᠨ ᠤᠬᠠᠭᠠᠨ ᠤ ᠲᠥᠯᠥᠪᠯᠡᠭᠡ ᠶᠢᠨ ᠪᠠᠶᠢᠴᠠᠭᠠᠯᠲᠠ ᠶᠢ ᠬᠦᠯᠢᠶᠡᠵᠦ ᠪᠠᠶᠢᠨ᠎ᠠ᠂ ᠡᠨᠡ ᠨᠢ ᠥᠮᠡᠨ ᠡᠭᠦᠰᠬᠡᠬᠦ ᠰᠡᠵᠢᠭ ᠲᠠᠢ ᠪᠣᠳᠠᠰ ᠮᠥᠨ᠃ ᠣᠯᠠᠩᠬᠢ ᠲᠣᠭᠠᠨ ᠤ ᠮᠠᠰᠢᠨ ᠲᠡᠷᠭᠡᠨ ᠳᠤ ᠪᠠᠰᠠ ᠪᠤᠰᠤᠳ ᠣᠷᠭᠠᠨᠢᠭ ᠹᠣᠰᠹᠣᠷ ᠬᠦᠴᠢᠯ ᠤᠨ ᠡᠰᠲ᠋ᠧᠷ ᠤᠨ ᠰᠢᠲᠠᠯᠲᠠ ᠶᠢ ᠬᠤᠷᠢᠭᠯᠠᠬᠤ ᠡᠳ᠋ ᠪᠠᠶᠢᠳᠠᠭ᠂ ᠡᠭᠦᠨ ᠳᠤ ᠭᠤᠷᠪᠠᠨ ᠹᠣᠰᠹᠣᠷ ᠬᠦᠴᠢᠯ ᠤᠨ ᠳᠠᠪᠤᠰᠤ ᠪᠣᠯᠣᠨ ᠭᠤᠷᠪᠠᠨ ᠹᠣᠰᠹᠣᠷ ᠬᠦᠴᠢᠯ ᠤᠨ ᠡᠰᠲ᠋ᠧᠷ ᠪᠠᠭᠲᠠᠨ᠎ᠠ᠂ ᠡᠨᠡ ᠬᠤᠶᠠᠷ ᠵᠦᠢᠯ ᠪᠣᠯ ᠴᠥᠮ ᠠᠮᠧᠷᠢᠺᠠ ᠶᠢᠨ ᠺᠠᠯᠢᠹᠣᠷᠨᠢᠶ᠎ᠠ ᠵᠧᠦ ᠶᠢᠨ 65 ᠳ᠋ᠤᠭᠠᠷ ᠲᠣᠭᠠᠲᠤ ᠳᠤᠷᠠᠳᠤᠯᠭ᠎ᠠ ᠳᠤ ᠵᠢᠭᠠᠵᠤ ᠭᠠᠷᠭᠠᠭᠰᠠᠨ ᠥᠮᠡᠨ ᠡᠭᠦᠰᠬᠡᠬᠦ ᠪᠣᠳᠠᠰ ᠪᠣᠯᠣᠨ᠎ᠠ᠃ ᠡᠳᠡᠭᠡᠷ ᠰᠢᠲᠠᠯᠲᠠ ᠶᠢ ᠬᠤᠷᠢᠭᠯᠠᠬᠤ ᠡᠳ᠋ ᠨᠢ ᠪᠠᠰᠠ ᠮᠡᠳᠡᠷᠡᠯ ᠪᠠ ᠦᠷᠡᠵᠢᠯ ᠤᠨ ᠰᠢᠰᠲ᠋ᠧᠮ ᠤᠨ ᠭᠡᠮᠲᠦᠯ ᠲᠠᠢ ᠬᠠᠷᠢᠴᠠᠭ᠎ᠠ ᠲᠠᠢ᠃ ᠰᠤᠳᠤᠯᠭᠠᠨ ᠳᠤ ᠪᠠᠰᠠ ᠴᠠᠭ ᠠᠭᠤᠷ ᠳᠤᠯᠠᠭᠠᠷᠠᠬᠤ ᠨᠢ ᠰᠢᠲᠠᠯᠲᠠ ᠶᠢ ᠬᠤᠷᠢᠭᠯᠠᠬᠤ ᠡᠳ᠋ ᠤᠨ ᠥᠳᠬᠡᠴᠡ ᠶᠢᠨ ᠳᠡᠭᠡᠭᠰᠢᠯᠡᠯᠲᠡ ᠲᠠᠢ ᠬᠤᠯᠪᠤᠭ᠎ᠠ ᠲᠠᠢ ᠭᠡᠳᠡᠭ ᠢ ᠢᠯᠡᠷᠡᠭᠦᠯᠵᠡᠢ᠃ ᠰᠤᠳᠤᠯᠭᠠᠲᠠᠳ ᠠᠴᠠ ᠲᠡᠷᠭᠡᠨ ᠤ ᠴᠣᠩᠬᠤ ᠶᠢ ᠨᠡᠭᠡᠭᠡᠬᠦ ᠶᠢᠨ ᠬᠠᠮᠲᠤ ᠲᠡᠷᠭᠡ ᠪᠠᠨ ᠰᠡᠭᠦᠳᠡᠷ ᠲᠤ ᠵᠣᠭᠰᠣᠭᠠᠪᠠᠯ ᠲᠡᠷᠭᠡᠨ ᠳᠣᠲᠣᠷᠠᠬᠢ ᠰᠢᠲᠠᠯᠲᠠ ᠶᠢ ᠬᠤᠷᠢᠭᠯᠠᠬᠤ ᠡᠳ᠋ ᠤᠨ ᠯᠡᠪᠡᠷᠡᠬᠦ ᠶᠢ ᠪᠠᠭᠠᠰᠬᠠᠵᠤ ᠪᠤᠯᠬᠤ ᠪᠣᠯᠣᠮᠵᠢ ᠪᠤᠢ ᠭᠡᠵᠦ ᠪᠠᠶᠢᠯ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ