ᠮᠠᠨ ᠤ ᠣᠷᠣᠨ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠪᠤᠶ
ᠨᠡᠶᠢᠲᠡᠯᠡᠭᠰᠡᠨ ᠴᠠᠭ᠄
2024/6/27
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠡᠨᠡ ᠵᠢᠯ᠂ ᠮᠠᠨ ᠤ ᠣᠷᠣᠨ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠯᠤᠨ ᠬᠡᠷᠡᠭᠯᠡᠬᠦ ᠶᠢ ᠱᠠᠯᠠᠪᠳᠠᠭᠤᠯᠬᠤ ᠶᠢᠨ ᠬᠠᠮᠲᠤ᠂ ᠮᠦᠷᠲᠠᠨ ᠪᠠᠶᠢᠴᠠᠭᠠᠯᠲᠠ ᠶᠢ ᠡᠮᠬᠢ ᠵᠢᠷᠤᠮ ᠲᠠᠢ ᠠᠬᠢᠭᠤᠯᠵᠤ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠬᠤ ᠶᠢ ᠪᠠᠷᠢᠮᠲᠠᠯᠠᠨ᠂ ᠦᠷ᠎ᠡ ᠳ᠋ᠦᠩ ᠤᠨ ᠪᠤᠰᠤᠳᠴᠢ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠨ᠎ᠠ᠃     ᠡᠭᠦᠨ ᠤ ᠬᠠᠮᠲᠤ᠂ ᠰᠠᠭᠤᠷᠢ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠠᠷᠭ᠎ᠠ ᠭᠡᠯᠪᠡᠷᠢ ᠶᠢᠨ ᠲᠣᠭᠠᠴᠢᠯᠠᠯᠲᠠ ᠪᠠ ᠣᠶᠤᠨᠴᠢᠯᠠᠯᠲᠠ ᠶᠢ ᠲᠦᠷᠭᠡᠳᠬᠡᠨ ᠠᠬᠢᠭᠤᠯᠬᠤ ᠶᠢᠨ ᠲᠥᠯᠥᠭᠡ᠂ ᠡᠨᠡ ᠵᠢᠯ ᠥᠪᠡᠷᠲᠡᠭᠡᠨ ᠵᠠᠰᠠᠬᠤ ᠣᠷᠣᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠦᠨ᠂ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠣᠷᠣᠭᠤᠯᠬᠤ ᠪᠣᠷᠣᠯᠠᠭᠤᠯᠬᠤ ᠬᠠᠳᠠᠭᠠᠯᠠᠬᠤ ᠶᠢ ︽ᠨᠢᠭᠡ ᠴᠣᠭᠴᠠᠵᠢᠭᠤᠯᠤᠭᠰᠠᠨ︾ᠬᠠᠮᠢᠶᠠᠷᠤᠯᠲᠠ ᠪᠠ ︽ᠨᠡᠬᠡᠮᠵᠢᠯᠡᠬᠦ ᠺᠣᠳ᠋︾ ᠤᠨ ᠬᠡᠷᠡᠭᠯᠡᠯᠲᠡ ᠶᠢ ᠠᠬᠢᠭᠤᠯᠵᠤ᠂ ᠡᠭᠦᠳᠡᠨ ᠡᠮᠨᠡᠯᠭᠡ ᠪᠠᠶᠢᠭᠤᠯᠬᠤ᠂ ᠡᠮᠨᠡᠯᠭᠡ ᠳᠤ ᠰᠠᠭᠤᠬᠤ᠂ ᠡᠮ ᠬᠤᠳᠠᠯᠳᠤᠨ ᠠᠪᠬᠤ ᠳᠤ ᠣᠯᠠᠨ ᠡᠰᠢᠴᠢᠯᠡᠭᠰᠡᠨ ᠲᠣᠮᠣ ᠳ᠋ᠠᠶᠢᠲ᠋ᠠ ᠶᠢᠨ ᠵᠠᠭᠪᠤᠷ ᠤᠨ ᠵᠠᠳᠠᠯᠤᠯᠲᠠ᠂ ᠠᠵᠢᠯ ᠭᠦᠢᠴᠡᠳᠬᠡᠬᠦ ᠠᠴᠠ ᠡᠮᠦᠨ᠎ᠡ᠂ ᠠᠵᠢᠯ ᠭᠦᠢᠴᠡᠳᠬᠡᠬᠦ ᠳᠤᠮᠳᠠ᠂ ᠠᠵᠢᠯ ᠭᠦᠢᠴᠡᠳᠬᠡᠭᠰᠡᠨ ᠤ ᠳᠠᠷᠠᠭᠠᠬᠢ ᠬᠢᠨᠠᠨ ᠬᠠᠷᠭᠤᠭᠤᠯᠬᠤ ᠳᠦᠷᠢᠮ ᠢ ᠲᠣᠳᠣᠷᠬᠠᠶᠢᠯᠠᠵᠤ᠂ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠡᠮ ᠡᠮᠨᠡᠯᠭᠡ ᠶᠢᠨ ᠳᠠᠭᠠᠳᠬᠠᠯ ᠤᠨ ᠳ᠋ᠦᠩᠨᠡᠨ ᠪᠤᠳᠤᠬᠤ ᠵᠠᠷᠤᠳᠠᠯ ᠢ ᠪᠦᠭᠦ ᠲᠠᠯ᠎ᠠ ᠪᠠᠷ ᠠᠦ᠋ᠲ᠋ᠣᠴᠢᠯᠠᠨ ᠬᠢᠨᠠᠨ ᠬᠠᠷᠭᠤᠭᠤᠯᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠢ ᠳᠠᠬᠢᠨᠲᠠ ᠪᠣᠷᠣᠯᠠᠭᠤᠯᠬᠤ ᠠᠴᠠ ᠵᠠᠶᠢᠯᠠᠰᠬᠢᠨ᠂ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠢ ᠰᠠᠷᠢᠭᠠᠯᠠᠬᠤ ᠶᠠᠪᠤᠳᠠᠯ ᠭᠠᠷᠬᠤ ᠶᠢ ᠡᠷᠡᠰ ᠬᠤᠷᠢᠭᠯᠠᠵᠤ᠂ ᠵᠢᠯ ᠤᠨ ᠰᠡᠭᠦᠯᠴᠢ ᠠᠴᠠ ᠡᠮᠦᠨ᠎ᠡ ᠪᠦᠭᠦ ᠣᠷᠣᠨ ᠤ ᠬᠡᠪᠴᠢᠶᠡᠨ ᠳᠤ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠲᠣᠭᠲᠠᠭᠰᠠᠨ ᠴᠡᠭ ᠤᠨ ᠵᠢᠵᠢᠭᠯᠡᠨ ᠪᠣᠷᠣᠯᠠᠭᠤᠯᠬᠤ ᠡᠮ ᠤᠨ ᠳᠡᠯᠭᠡᠭᠦᠷ ᠤᠨ ᠲᠤᠭ᠎ᠠ ᠪᠠᠷᠢᠮᠲᠠ ᠶᠢ ᠣᠶᠤᠨᠴᠢ ᠪᠠᠷ ᠬᠢᠨᠠᠨ ᠬᠠᠮᠢᠶᠠᠷᠬᠤ ᠶᠢ ᠪᠡᠶᠡᠯᠡᠭᠦᠯᠬᠦ ᠪᠣᠯᠣᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ