ᠤᠨᠲᠠᠯᠭ᠎ᠠ ᠨᠢ ᠴᠡᠭᠡᠵᠢᠯᠡᠬᠦᠢ ᠶᠢᠨ ᠴᠢᠳᠠᠪᠤᠷᠢ ᠶᠢᠨ ᠪᠦᠷᠢᠯᠳᠦᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠦᠨ᠎ᠡ
ᠨᠡᠶᠢᠲᠡᠯᠡᠭᠰᠡᠨ ᠴᠠᠭ᠄
2024/6/27
     ᠰᠢᠯᠭᠠᠯᠲᠠ ᠠᠴᠠ ᠡᠮᠦᠨ᠎ᠡ ᠣᠷᠣᠢ ᠨᠢ ᠤᠨᠲᠠᠬᠤ ᠦᠭᠡᠢ ᠳᠠᠪᠲᠠᠬᠤ ᠨᠢ ᠰᠠᠶᠢᠨ ᠤᠤ ᠡᠰᠡᠬᠦᠯ᠎ᠡ ᠰᠠᠶᠢᠨ ᠤᠨᠲᠠᠵᠤ ᠠᠮᠠᠷᠠᠬᠤ ᠨᠢ ᠲᠠᠭᠠᠷᠠᠨ᠎ᠠ ᠤᠤ︖ ᠠᠮᠧᠷᠢᠺᠠ ᠶᠢᠨ ᠮᠢᠰᠢᠶ᠋ᠸᠭᠧᠨ ᠶᠡᠭᠡ ᠰᠤᠷᠭᠠᠭᠤᠯᠢ ᠶᠢᠨ ᠰᠤᠳᠤᠯᠭᠠᠲᠠᠳ ᠬᠤᠯᠤᠭᠠᠨ᠎ᠠ ᠳᠤ ᠲᠤᠷᠰᠢᠯᠲᠠ ᠬᠢᠬᠦ ᠪᠠᠷ ᠳᠠᠮᠵᠢᠨ ᠢᠯᠡᠷᠡᠭᠦᠯᠦᠭᠰᠡᠨ ᠨᠢ᠂ ᠨᠣᠶᠢᠷ ᠬᠦᠷᠦᠯᠴᠡᠬᠦ ᠦᠭᠡᠢ ᠦᠶᠡᠰ᠂ ᠤᠷᠲᠤ ᠬᠤᠭᠤᠴᠠᠭᠠᠨ ᠤ ᠴᠡᠭᠡᠵᠢᠯᠡᠬᠦᠢ ᠳᠤ ᠬᠤᠯᠪᠣᠭᠳᠠᠬᠤ ᠶᠡᠭᠡ ᠲᠠᠷᠢᠬᠢᠨ ᠤ ᠨᠢᠭᠡ ᠵᠦᠢᠯ ᠤᠨ ᠵᠠᠩᠭᠢᠯᠠᠭ᠎ᠠ ᠶᠢᠨ ᠳᠣᠬᠢᠶ᠎ᠠ ᠨᠢ ᠪᠠᠭᠤᠷᠠᠵᠤ᠂ ᠨᠣᠶᠢᠷ ᠬᠤᠯᠵᠢᠭᠰᠠᠨ ᠠᠴᠠ ᠪᠣᠯᠤᠭᠰᠠᠨ ᠤ ᠳᠠᠷᠠᠭᠠᠬᠢ ᠬᠡᠪ ᠤᠨ ᠤᠨᠲᠠᠯᠭ᠎ᠠ ᠨᠢ ᠴᠦ ᠡᠶᠢᠮᠦ ᠳᠣᠬᠢᠶ᠎ᠠ ᠶᠢ ᠪᠦᠷᠢᠮᠦᠰᠦᠨ ᠰᠡᠷᠭᠦᠭᠡᠵᠦ ᠳᠡᠶᠢᠯᠭᠦ ᠦᠭᠡᠢ ᠪᠤᠯᠳᠠᠭ᠃ ᠰᠤᠳᠤᠯᠭᠠᠨ ᠤ ᠳ᠋ᠦᠩ ᠨᠢ ᠤᠨᠲᠠᠯᠭ᠎ᠠ ᠶᠢᠨ ᠴᠡᠭᠡᠵᠢᠯᠡᠬᠦᠢ ᠶᠢᠨ ᠴᠢᠳᠠᠪᠤᠷᠢ ᠪᠦᠷᠢᠯᠳᠦᠬᠦ ᠶᠠᠪᠤᠴᠠ ᠳᠠᠬᠢ ᠵᠠᠩᠭᠢᠯᠠᠭ᠎ᠠ ᠶᠢᠨ ᠦᠢᠯᠡᠳᠦᠯ ᠢ ᠲᠠᠶᠢᠯᠪᠤᠷᠢᠯᠠᠬᠤ ᠳᠤ ᠲᠤᠰᠠᠲᠠᠢ ᠪᠥᠭᠡᠳ ᠵᠣᠬᠢᠬᠤ ᠡᠮᠴᠢᠯᠡᠭᠡᠨ ᠤ ᠠᠷᠭ᠎ᠠ ᠶᠢ ᠡᠷᠢᠵᠦ ᠣᠯᠬᠤ ᠳᠤ ᠰᠠᠭᠤᠷᠢ ᠶᠢ ᠲᠠᠯᠪᠢᠵᠤ ᠥᠭᠴᠡᠢ᠃     ᠶᠡᠭᠡ ᠲᠠᠷᠢᠬᠢᠨ ᠤ ᠮᠡᠳᠡᠷᠡᠯ ᠤᠨ ᠨᠢᠭᠡᠴᠢ ᠨᠢ ᠳᠡᠭᠡᠳᠦ ᠬᠡᠮᠵᠢᠶ᠎ᠡ ᠪᠠᠷ ᠬᠠᠷᠢᠯᠴᠠᠨ ᠬᠤᠯᠪᠣᠯᠳᠤᠵᠤ᠂ ᠦᠷᠭᠦᠯᠵᠢ ᠵᠢᠮ᠎ᠡ ᠶᠣᠰᠣ ᠲᠠᠢ ᠪᠤᠶᠤ ᠳᠠᠪᠲᠠᠬᠤ ᠵᠠᠭᠪᠤᠷ ᠢᠶᠠᠷ ᠬᠠᠮᠲᠤ ᠪᠠᠷ ᠨᠢᠷᠭᠡᠯᠭᠡᠨ ᠡᠭᠦᠰᠬᠡᠵᠦ᠂ ᠲᠡᠭᠦᠨ ᠤ ᠳᠣᠲᠣᠷᠠᠬᠢ ᠨᠢᠭᠡ ᠵᠦᠢᠯ ᠤᠨ ᠨᠢᠷᠭᠡᠯᠭᠡᠨ ᠡᠭᠦᠰᠬᠡᠬᠦ ᠵᠠᠭᠪᠤᠷ ᠢ ︽ᠱᠣᠪᠬᠤ ᠳᠣᠯᠭᠢᠶᠠᠨᠲᠤ ᠢᠷᠠᠯᠵᠢ︾ ᠭᠡᠳᠡᠭ᠃ ᠲᠤᠰ ᠵᠠᠭᠪᠤᠷ ᠤᠨ ᠳᠣᠣᠷ᠎ᠠ᠂ ᠨᠢᠭᠡ ᠪᠦᠯᠦᠭ ᠮᠡᠳᠡᠷᠡᠯ ᠤᠨ ᠨᠢᠭᠡᠴᠢ ᠨᠢ ᠲᠤᠶᠢᠯ ᠤᠨ ᠴᠢᠩᠭ᠎ᠠ ᠠᠳᠠᠯᠢ ᠠᠯᠬᠤᠮᠲᠤ ᠴᠢᠨᠠᠷ ᠢᠶᠠᠷ ᠨᠢᠷᠭᠡᠯᠭᠡᠨ ᠡᠭᠦᠰᠬᠡᠵᠦ᠂ ᠳᠠᠷᠠᠭ᠎ᠠ ᠨᠢ ᠨᠥᠭᠦᠭᠡ ᠨᠢᠭᠡ ᠪᠦᠯᠦᠭ ᠮᠡᠳᠡᠷᠡᠯ ᠤᠨ ᠨᠢᠭᠡᠴᠢ ᠨᠢ ᠲᠡᠭᠦᠨ ᠤ ᠲᠠᠷᠠᠭ᠎ᠠ ᠠᠳᠠᠯᠢ ᠠᠯᠬᠤᠮᠲᠤ ᠨᠢᠷᠭᠡᠯᠭᠡᠨ ᠡᠭᠦᠰᠬᠡᠬᠦ ᠪᠥᠭᠡᠳ ᠲᠡᠭᠢᠨ ᠳᠠᠪᠲᠠᠨ ᠣᠨᠴᠠᠭᠠᠢ ᠠᠶᠢᠵᠠᠮ ᠴᠣᠬᠢᠯᠭ᠎ᠠ ᠶᠢ ᠪᠥᠷᠢᠯᠳᠦᠭᠦᠯᠳᠡᠭ᠃ ︽ᠱᠣᠪᠬᠤ ᠳᠣᠯᠭᠢᠶᠠᠨᠲᠤ ᠢᠷᠠᠯᠵᠢ︾ ᠨᠢ ᠦᠷᠭᠦᠯᠵᠢ ᠶᠡᠭᠡ ᠲᠠᠷᠢᠬᠢᠨ ᠤ ᠴᠡᠭᠡᠵᠢᠯᠡᠬᠦᠢ ᠶᠢᠨ ᠴᠢᠳᠠᠪᠤᠷᠢ ᠪᠣᠯᠵᠤ ᠪᠦᠷᠢᠯᠳᠦᠬᠦ ᠵᠠᠩᠭᠢᠯᠠᠭ᠎ᠠ ᠶᠢᠨ ᠲᠣᠭᠤᠷᠢᠭ — ᠲᠠᠷᠢᠬᠢᠨ ᠬᠥᠩᠬᠦᠷ ᠤᠨ ᠴᠣᠭᠴᠠ ᠳᠤ ᠡᠭᠦᠰᠴᠦ᠂ ᠤᠷᠲᠤ ᠬᠤᠭᠤᠴᠠᠭᠠᠨ ᠤ ᠴᠡᠭᠡᠵᠢᠯᠡᠪᠦᠷᠢ ᠠᠳᠡ ᠬᠠᠳᠠᠭᠠᠯᠠᠭᠳᠠᠨ᠎ᠠ᠃     ᠨᠣᠶᠢᠷ ᠬᠤᠯᠵᠢᠬᠤ ᠨᠢ ᠴᠡᠭᠡᠵᠢᠯᠡᠬᠦ ᠴᠢᠳᠠᠪᠤᠷᠢ ᠶᠢ ᠨᠥᠯᠥᠭᠡᠯᠡᠬᠦ ᠬᠡᠮᠵᠢᠶ᠎ᠡ ᠶᠢ ᠴᠢᠨᠠᠭᠰᠢᠳᠠ ᠣᠶᠢᠯᠠᠭᠠᠬᠤ ᠶᠢᠨ ᠲᠥᠯᠥᠭᠡ᠂ ᠮᠢᠰᠢᠶ᠋ᠸᠭᠧᠨ ᠶᠡᠭᠡ ᠰᠤᠷᠭᠠᠭᠤᠯᠢ ᠶᠢᠨ ᠰᠤᠳᠤᠯᠭᠠᠲᠠᠳ 7 ᠬᠤᠯᠤᠭᠠᠨ᠎ᠠ ᠶᠢᠨ ᠬᠡᠳᠦᠨ ᠭᠠᠷᠠᠭ ᠤᠨ ᠳᠣᠲᠣᠷ᠎ᠠ ᠲᠥᠭᠡᠷᠢᠯ ᠣᠷᠳᠣᠨ ᠳᠤ ᠲᠡᠨᠦᠭᠦᠴᠢᠯᠡᠬᠦ ᠦᠶ᠎ᠡ ᠶᠢᠨ ᠮᠡᠳᠡᠷᠡᠯ ᠤᠨ ᠨᠢᠭᠡᠴᠢ  ᠶᠢᠨ ᠠᠵᠢᠯᠯᠠᠭ᠎ᠠ ᠶᠢ ᠲᠡᠮᠳᠡᠭᠯᠡᠵᠦ᠂ ᠤᠨᠲᠠᠯᠭ᠎ᠠ ᠶᠢᠨ ᠬᠠᠷᠰᠢᠯᠠᠯ ᠲᠠᠢ ᠦᠶ᠎ᠡ ᠪᠠ ᠬᠡᠪ ᠤᠨ ᠤᠨᠲᠠᠯᠭ᠎ᠠ ᠶᠢᠨ ᠦᠶ᠎ᠡ ᠭᠡᠬᠦ ᠬᠤᠶᠠᠷ ᠳᠤᠭᠤᠶᠢᠯᠠᠩ ᠬᠤᠪᠢᠶᠠᠵᠤ ᠲᠡᠮᠳᠡᠭᠯᠡᠪᠡ᠃ ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠤᠨᠲᠠᠯᠭ᠎ᠠ ᠶᠢᠨ ᠬᠠᠷᠰᠢᠯᠠᠯ ᠲᠠᠢ ᠲᠤᠷᠰᠢᠯᠲᠠ ᠶᠢᠨ ᠬᠤᠯᠤᠭᠠᠨ᠎ᠠ ᠶᠢᠨ ︽ᠱᠣᠪᠬᠤ ᠳᠣᠯᠭᠢᠶᠠᠨ ᠢᠷᠠᠯᠵᠢ︾ ᠶᠢᠨ ᠮᠡᠳᠡᠷᠡᠯ ᠤᠨ ᠨᠢᠭᠡᠴᠢ ᠶᠢᠨ ᠡᠭᠦᠰᠬᠡᠭᠰᠡᠨ ᠳᠣᠬᠢᠶ᠎ᠠ ᠨᠢ ᠨᠡᠯᠢᠶᠡᠳ ᠪᠠᠭᠤᠷᠠᠢ ᠪᠥᠭᠡᠳ ᠵᠣᠬᠢᠶᠠᠨ ᠪᠠᠶᠢᠭᠤᠯᠤᠯᠲᠠ ᠶᠢᠨ ᠴᠢᠨᠠᠷ ᠨᠢ ᠨᠡᠯᠢᠶᠡᠳ ᠠᠨᠠᠢ ᠪᠠᠶᠢᠵᠤ᠂ ᠮᠡᠳᠡᠷᠡᠯ ᠤᠨ ᠨᠢᠭᠡᠴᠢ ᠶᠢᠨ ᠨᠢᠷᠭᠡᠯᠭᠡᠨ ᠡᠭᠦᠰᠬᠡᠬᠦ ᠵᠠᠭᠪᠤᠷ ᠨᠢ ᠢᠯᠡᠳᠲᠡ ᠳᠣᠷᠣᠭᠰᠢᠯᠠᠵᠤ᠂ ᠳᠠᠷᠤᠢ ︽ᠥᠩᠭᠡᠷᠡᠭᠰᠡᠨ ᠢ ᠲᠡᠭᠢᠨ ᠢᠯᠡᠷᠡᠭᠦᠯᠬᠦ︾ ᠴᠢᠳᠠᠪᠤᠷᠢ ᠨᠢ ᠬᠤᠷᠢᠭᠯᠠᠭᠳᠠᠪᠠ᠃ ᠡᠳᠡᠭᠡᠷ ᠲᠤᠷᠰᠢᠯᠲᠠ ᠶᠢᠨ ᠬᠤᠯᠤᠭᠠᠨ᠎ᠠ ᠬᠡᠪ ᠤᠨ ᠪᠠᠶᠢᠳᠠᠯ ᠳᠠᠭᠠᠨ ᠣᠷᠣᠭᠰᠠᠨ ᠤ ᠳᠠᠷᠠᠭ᠎ᠠ᠂ ᠡᠶᠢᠮᠦᠷᠬᠦᠦ ᠳᠣᠭᠢᠶᠠᠨ ᠤ ᠬᠢᠷᠢ ᠲᠦᠪᠰᠢᠨ ᠨᠢ ᠬᠡᠳᠦᠶᠢᠪᠡᠷ ᠰᠡᠷᠭᠦᠭᠰᠡᠨ ᠪᠤᠯᠪᠠᠴᠤ ᠬᠡᠪ ᠤᠨ ᠤᠨᠲᠠᠯᠭ᠎ᠠ ᠲᠠᠢ ᠬᠤᠯᠤᠭᠠᠨ᠎ᠠ ᠶᠢᠨ ᠬᠢᠷᠢ ᠲᠦᠪᠰᠢᠨ ᠳᠤ ᠬᠦᠷᠴᠦ ᠳᠡᠶᠢᠯᠭᠦ ᠦᠭᠡᠢ ᠪᠣᠯᠵᠠᠢ᠃     ᠰᠤᠳᠤᠯᠭᠠᠲᠠᠳ᠂ ᠡᠨᠡ ᠨᠢ ᠣᠢ ᠴᠡᠭᠡᠵᠢᠯᠡᠪᠦᠷᠢ ᠨᠢ ᠲᠠᠰᠤᠷᠠᠯᠳᠠ ᠦᠭᠡᠢ ᠬᠤᠶᠢᠨᠠᠬᠢ ᠬᠤᠭᠤᠴᠠᠭᠠᠨ ᠤ ᠰᠢᠢᠳᠪᠦᠷᠢᠯᠡᠯᠲᠡ ᠶᠢ ᠥᠩᠭᠡᠷᠡᠭᠡᠨ᠎ᠡ᠂ ᠡᠶᠢᠮᠦᠷᠬᠦᠦ ᠬᠤᠶᠢᠨᠠᠬᠢ ᠬᠤᠭᠤᠴᠠᠭᠠᠨ ᠤ ᠰᠢᠢᠳᠪᠦᠷᠢᠯᠡᠯᠲᠡ ᠶᠢ ᠥᠩᠭᠡᠷᠡᠭᠡᠬᠦ ᠨᠢ ᠮᠠᠰᠢ ᠴᠢᠬᠤᠯᠠ᠂ ᠡᠶᠢᠮᠦ ᠠᠴᠠ ᠰᠢᠯᠭᠠᠯᠲᠠ ᠠᠴᠠ ᠡᠮᠦᠨ᠎ᠡ ᠤᠨᠲᠠᠬᠤ ᠦᠭᠡᠢ ᠳᠠᠪᠲᠠᠬᠤ ᠨᠢ ᠨᠢᠭᠡ ᠵᠦᠢᠯ ᠤᠨ ᠦᠷ᠎ᠡ ᠪᠦᠳᠦᠮᠵᠢ ᠦᠭᠡᠢ ᠠᠷᠭ᠎ᠠ ᠪᠣᠳᠣᠯᠭ᠎ᠠ ᠪᠣᠯᠣᠨ᠎ᠠ ᠭᠡᠵᠦ ᠢᠯᠡᠳᠬᠡᠪᠡ᠃ ᠬᠤᠯᠪᠣᠭᠳᠠᠯ ᠪᠦᠬᠦᠢ ᠰᠤᠳᠤᠯᠭᠠᠨ ᠤ ᠳ᠋ᠦᠩ ᠨᠢ ᠠᠩᠭ᠍ᠯᠢ ᠶᠢᠨ ︽ᠪᠠᠶᠢᠭᠠᠯᠢ︾ ᠰᠡᠳᠬᠦᠯ ᠳᠡᠭᠡᠷ᠎ᠡ ᠨᠡᠶᠢᠲᠡᠯᠡᠭᠳᠡᠪᠡ᠃     ︵ᠰᠢᠨᠬᠤᠸᠠ ᠬᠤᠷᠢᠶ᠎ᠠ ᠶᠢᠨ ᠪᠡᠭᠡᠵᠢᠩ ᠤᠨ 6 ᠰᠠᠷ᠎ᠠ ᠶᠢᠨ 17 ᠤ ᠴᠠᠭᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ