ᠬᠡᠦᠬᠡᠳ ᠨᠠᠷᠠᠰᠢᠬᠤ ᠠᠴᠠ ᠰᠡᠷᠭᠡᠶᠢᠯᠡᠬᠦ ᠳᠤ ᠳᠣᠣᠷᠠᠬᠢ ᠵᠢᠷᠭᠤᠭᠠᠨ ᠲᠠᠯ᠎ᠠ ᠶᠢ ᠠᠩᠬᠠᠷᠬᠤ ᠬᠡᠷᠡᠭᠲᠡᠢ
ᠨᠡᠶᠢᠲᠡᠯᠡᠭᠰᠡᠨ ᠴᠠᠭ᠄
2024/6/27
     ᠣᠳᠣᠬᠠᠨ ᠳᠤ ᠪᠡᠭᠡᠵᠢᠩ᠂ ᠾᠧᠪᠧᠢ ᠵᠡᠷᠭᠡ ᠭᠠᠵᠠᠷ ᠲᠤ ᠠᠭᠠᠭᠢᠮ᠎ᠠ ᠬᠠᠯᠠᠭᠤᠨ ᠴᠠᠭ ᠠᠭᠤᠷ ᠦᠷᠭᠦᠯᠵᠢᠯᠡᠵᠦ ᠪᠠᠶᠢᠨ᠎ᠠ᠃ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠣᠪᠴᠢᠶ᠎ᠠ ᠡᠷᠡᠭᠦᠯ ᠮᠡᠨᠳᠦ ᠶᠢᠨ ᠰᠠᠨᠠᠭᠤᠯᠤᠮᠵᠢ ᠨᠡᠶᠢᠲᠡᠯᠡᠵᠦ᠂ ᠬᠡᠦᠬᠡᠳ ᠤᠨ ᠨᠠᠷᠠᠰᠢᠬᠤ ᠪᠣᠯ ᠪᠠᠭ᠎ᠠ ᠶᠠᠪᠤᠳᠠᠯ ᠪᠢᠰᠢ᠂ ᠭᠡᠷ ᠤᠨ ᠠᠬᠠᠮᠠᠳ ᠨᠠᠷ ᠬᠡᠦᠬᠡᠳ ᠤᠨ ᠨᠠᠷᠠᠰᠢᠬᠤ ᠶᠢ ᠤᠷᠢᠳᠴᠢᠯᠠᠨ ᠰᠡᠷᠭᠡᠶᠢᠯᠡᠬᠦ᠂ ᠨᠠᠷᠠᠰᠢᠭᠰᠠᠨ ᠪᠠᠶᠢᠳᠠᠯ ᠢ ᠢᠯᠭᠠᠨ ᠲᠠᠨᠢᠬᠤ ᠵᠢᠴᠢ ᠨᠠᠷᠠᠰᠢᠭᠰᠠᠨ ᠬᠡᠦᠬᠡᠳ ᠢ ᠬᠡᠷᠬᠢᠨ ᠠᠰᠠᠷᠠᠨ ᠬᠠᠷᠠᠭᠠᠯᠵᠠᠬᠤ ᠲᠤᠬᠠᠢ ᠮᠡᠳᠡᠯᠭᠡ ᠶᠢ ᠣᠶᠢᠯᠠᠭᠠᠬᠤ ᠬᠡᠷᠡᠭᠲᠡᠢ ᠭᠡᠵᠡᠢ᠃     ᠪᠡᠭᠡᠵᠢᠩ ᠤᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠡᠷᠭᠢᠯᠡᠭᠴᠢ ᠡᠮᠴᠢ ᠸᠠᠩ ᠴᠢᠤᠸᠠᠨ ᠢᠯᠡᠷᠬᠡᠶᠢᠯᠡᠬᠦ ᠳᠡᠭᠡᠨ᠂ ᠬᠡᠦᠬᠡᠳ᠂ ᠵᠢᠷᠮᠦᠰᠦᠨ ᠪᠠ ᠬᠥᠩᠭᠡᠵᠢᠭᠰᠡᠨ ᠡᠮᠡᠭᠲᠡᠢ᠂ ᠨᠠᠰᠤᠲᠠᠶᠢᠴᠤᠳ᠂ ᠤᠳᠠᠭᠠᠨ ᠴᠢᠨᠠᠷᠲᠠᠢ ᠰᠠᠭᠤᠷᠢ ᠴᠢᠨᠠᠷᠲᠠᠢ ᠡᠪᠡᠳᠴᠢᠲᠡᠨ ᠵᠢᠴᠢ ᠭᠡᠷ ᠤᠨ ᠭᠠᠳᠠᠨ᠎ᠠ ᠠᠵᠢᠯᠯᠠᠳᠠᠭ ᠠᠵᠢᠯᠲᠠᠨ ᠵᠡᠷᠭᠡ ᠬᠥᠮᠥᠰ ᠨᠠᠩ ᠠᠮᠠᠷᠬᠠᠨ ᠨᠠᠷᠠᠰᠢᠬᠤ ᠪᠣᠯᠬᠤᠷ ᠲᠣᠰ ᠪᠡᠶ᠎ᠡ ᠶᠢᠨ ᠡᠷᠡᠭᠦᠯ ᠮᠡᠨᠳᠦ ᠶᠢᠨ ᠰᠡᠷᠭᠡᠶᠢᠯᠡᠯᠲᠡ ᠪᠠᠨ ᠣᠨᠴᠠᠭᠠᠶ ᠴᠢᠩᠭᠠᠳᠬᠠᠬᠤ ᠬᠡᠷᠡᠭᠲᠡᠢ ᠭᠡᠵᠡᠢ᠃ ᠢᠯᠠᠩᠭᠤᠶ᠎ᠠ ᠬᠡᠦᠬᠡᠳ ᠤᠨ ᠪᠡᠶ᠎ᠡ ᠮᠠᠬᠠᠪᠤᠳ ᠨᠢ ᠨᠠᠰᠤᠨ ᠳᠤ ᠭᠦᠷᠦᠭᠰᠡᠳ ᠲᠠᠢ ᠠᠳᠠᠯᠢ ᠦᠭᠡᠢ ᠪᠠᠶᠢᠵᠤ᠂ ᠲᠡᠳᠡᠨ ᠤ ᠰᠢᠨ᠎ᠡ ᠬᠠᠭᠤᠴᠢᠨ ᠤ ᠰᠣᠯᠢᠯᠴᠠᠭ᠎ᠠ ᠨᠢ ᠲᠦᠷᠭᠡᠨ᠂ ᠬᠥᠯᠥᠰᠦᠨ ᠪᠤᠯᠴᠢᠷᠬᠠᠢ ᠶᠢᠨ ᠪᠤᠶᠢᠵᠢᠯᠲᠠ ᠨᠢ ᠬᠠᠷᠠᠬᠠᠨ ᠪᠣᠯᠪᠠᠰᠤᠷᠠᠭᠠᠳᠤᠢ᠂ ᠪᠡᠶ᠎ᠡ ᠶᠢᠨ ᠳᠤᠯᠠᠭᠠᠨ ᠢ ᠲᠣᠬᠢᠷᠠᠭᠤᠯᠬᠤ ᠰᠢᠰᠲ᠋ᠧᠮ ᠨᠢ ᠪᠤᠶᠢᠵᠢᠯᠲᠠ ᠳᠠᠭᠠᠨ ᠪᠠᠶᠢᠬᠤ ᠤᠴᠢᠷ ᠠᠴᠠ ᠨᠡᠩ ᠠᠮᠠᠷᠬᠠᠨ ᠨᠠᠷᠠᠰᠢᠳᠠᠭ᠃     ᠬᠡᠷᠬᠢᠨ ᠬᠡᠦᠬᠡᠳ ᠤᠨ ᠨᠠᠷᠠᠰᠢᠬᠤ ᠠᠴᠠ ᠰᠡᠷᠭᠡᠶᠢᠯᠡᠬᠦ ᠪᠤᠶ︖ ᠡᠷᠡᠭᠦᠯ ᠮᠡᠨᠳᠦ ᠶᠢᠨ ᠰᠠᠨᠠᠭᠤᠯᠤᠮᠵᠢ ᠶᠢ ᠦᠨᠳᠦᠰᠦᠯᠡᠪᠡᠯ᠂ ᠭᠡᠷ ᠤᠨ ᠭᠠᠳᠠᠨᠠᠬᠢ ᠬᠥᠳᠡᠯᠭᠡᠭᠡᠨ ᠤ ᠴᠠᠭ ᠪᠠ ᠭᠠᠵᠠᠷ᠂ ᠥᠨᠳᠥᠷ ᠳᠤᠯᠠᠭᠠᠨ᠂ ᠴᠢᠭᠢᠭ ᠶᠡᠬᠡᠲᠡᠢ ᠠᠭᠤᠷ ᠠᠮᠢᠰᠬᠤᠯ ᠢ ᠪᠠᠭᠲᠠᠭᠠᠭᠰᠠᠨ ᠵᠢᠷᠭᠤᠭᠠᠨ ᠲᠠᠯ᠎ᠠ ᠶᠢ ᠠᠩᠬᠠᠷᠬᠤ ᠭᠡᠷᠡᠭᠲᠡᠢ; ᠬᠥᠩᠭᠡᠨ᠂ ᠠᠭᠤᠵᠢᠭᠤ᠂ ᠭᠦᠢᠬᠡᠨ ᠥᠩᠭᠡ ᠲᠠᠢ᠂ ᠠᠭᠠᠷ ᠨᠡᠪᠲᠡᠷᠡᠬᠦ ᠬᠤᠪᠴᠠᠰᠤ ᠡᠮᠦᠰᠴᠦ᠂ ᠴᠠᠭ ᠲᠤᠬᠠᠢ ᠳᠤᠨᠢ ᠬᠥᠯᠥᠰᠦᠨ ᠳᠤ ᠳᠡᠪᠲᠦᠭᠰᠡᠨ ᠬᠤᠪᠴᠠᠰᠤ ᠪᠠᠨ ᠰᠣᠯᠢᠨ᠎ᠠ; ᠬᠡᠦᠬᠡᠳ ᠤᠨ ᠭᠦᠢᠴᠡᠳ ᠤᠰᠤ ᠤᠤᠭᠤᠬᠤ ᠶᠢ ᠪᠠᠲᠤᠯᠠᠵᠤ᠂ ᠤᠰᠤ ᠪᠤᠶᠤ ᠴᠠᠭᠢᠯᠭᠠᠨ ᠵᠠᠳᠠᠯᠤᠬᠳᠠᠬᠤᠨ ᠤᠮᠳᠠᠭᠠᠨ ᠤᠤᠭᠤᠬᠤ ᠨᠢ ᠳᠤᠭᠢᠷᠠᠮᠵᠢᠳᠠᠢ; ᠥᠭᠡᠬᠦ ᠲᠣᠰᠣ ᠪᠠᠭᠠᠲᠠᠢ ᠰᠢᠩᠭᠡᠭᠡᠬᠦ ᠳᠤ ᠭᠢᠯᠪᠠᠷ ᠢᠳᠡᠭᠡᠨ ᠢ ᠢᠯᠡᠭᠦᠬᠡᠨ ᠢᠳᠡᠭᠦᠯᠪᠡᠯ ᠵᠤᠭᠢᠨ᠎ᠠ; ᠬᠡᠦᠬᠡᠳ ᠤᠨ ᠭᠦᠢᠴᠡᠳ ᠠᠮᠠᠷᠠᠬᠤ ᠶᠢ ᠪᠠᠲᠤᠯᠠᠬᠤ ᠭᠡᠷᠡᠭᠲᠡᠢ; ᠣᠳᠣᠬᠠᠨ ᠳᠤ ᠨᠡᠶᠢᠳᠡᠮ ᠮᠡᠳᠡᠷᠡᠭᠳᠡᠭᠰᠡᠨ ᠬᠡᠦᠬᠡᠳ ᠤᠨ ᠨᠠᠷᠠᠰᠢᠬᠤ ᠳᠤ ᠲᠣᠬᠢᠷᠠᠬᠤ ᠡᠮ ᠭᠡᠵᠦ ᠪᠠᠶᠢᠬᠤ ᠦᠭᠡᠢ᠂ ᠭᠡᠷ ᠤᠨ ᠠᠬᠠᠮᠠᠳ ᠤᠳ ᠬᠡᠦᠬᠡᠳ ᠲᠡᠭᠡᠨ ᠳᠤᠷ᠎ᠠ  ᠪᠠᠷ ᠢᠶᠠᠨ ︽ᠨᠠᠷᠠᠰᠢᠬᠤ ᠠᠴᠠ ᠰᠡᠷᠭᠡᠶᠢᠯᠡᠬᠦ ᠡᠮ︾ ᠤᠤᠭᠤᠯᠭᠠᠵᠤ ᠪᠤᠯᠬᠤ ᠦᠭᠡᠢ᠃     ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠨᠠᠷᠠᠰᠢᠬᠤ ᠶᠢ ᠤᠷᠢᠲᠠᠯ ᠰᠢᠨᠵᠢᠲᠦ ᠨᠠᠷᠠᠰᠢᠬᠤ᠂ ᠬᠥᠩᠭᠡᠨ ᠨᠠᠷᠠᠰᠢᠬᠤ ᠪᠠ ᠬᠦᠨᠳᠦ ᠨᠠᠷᠠᠰᠢᠬᠤ ᠵᠡᠷᠭᠡ ᠱᠠᠲᠤ ᠬᠤᠪᠢᠶᠠᠳᠠᠭ᠃ ᠥᠨᠳᠥᠷ ᠳᠤᠯᠠᠭᠠᠨ᠂ ᠥᠨᠳᠥᠷ ᠴᠢᠭᠢᠭᠯᠢᠭ ᠣᠷᠴᠢᠨ ᠲᠣᠭᠤᠷᠢᠨ ᠢᠯᠡᠷᠡᠭᠰᠡᠨ ᠤ ᠳᠠᠷᠠᠭ᠎ᠠ᠂ ᠬᠡᠦᠬᠡᠳ ᠤᠳ ᠶᠠᠳᠠᠷᠠᠵᠤ ᠲᠠᠮᠢᠷᠳᠠᠬᠤ᠂ ᠲᠣᠯᠣᠭᠠᠢ ᠡᠷᠭᠢᠵᠦ ᠲᠣᠯᠣᠭᠠᠢ ᠡᠪᠡᠳᠬᠦ᠂ ᠠᠮᠠ ᠬᠠᠲᠠᠵᠤ ᠬᠥᠯᠥᠰᠦ ᠶᠡᠭᠡ ᠭᠠᠷᠬᠤ᠂ ᠳᠤᠷ᠎ᠠ ᠪᠣᠯᠭᠢᠵᠤ ᠪᠥᠭᠡᠯᠵᠢᠬᠦ᠂ ᠴᠢᠷᠠᠢ ᠬᠤᠵᠢᠢᠬᠤ᠂ ᠵᠢᠷᠦᠬᠡᠨ ᠴᠣᠬᠢᠯᠭ᠎ᠠ ᠲᠦᠷᠭᠡᠰᠬᠦ᠂ ᠤᠰᠤ ᠠᠯᠳᠠᠬᠤ ᠵᠡᠷᠭᠡ ᠡᠪᠡᠳᠴᠢᠨ ᠤ ᠰᠢᠨᠵᠢ ᠢᠯᠡᠷᠡᠪᠡᠯ ᠨᠠᠷᠠᠰᠢᠭᠰᠠᠨ ᠪᠠᠶᠢᠬᠤ ᠮᠠᠭᠠᠳ ᠦᠭᠡᠢ᠃     ᠨᠠᠷᠠᠰᠢᠭᠰᠠᠨ ᠬᠡᠦᠬᠡᠳ ᠢ ᠬᠡᠷᠬᠢᠨ ᠠᠰᠠᠷᠠᠨ ᠬᠠᠷᠠᠭᠠᠯᠵᠠᠬᠤ ᠪᠤᠶ︖ ᠡᠷᠡᠭᠦᠯ ᠮᠡᠨᠳᠦ ᠶᠢᠨ ᠰᠠᠨᠠᠭᠤᠯᠤᠮᠵᠢ ᠳᠤ ᠬᠡᠷᠪᠡ ᠬᠡᠦᠬᠡᠳ ᠨᠠᠷᠠᠰᠢᠬᠤ ᠢᠯᠡᠷᠡᠯ ᠲᠠᠢ ᠪᠠᠶᠢᠪᠠᠯ᠂ ︽ᠨᠢᠭᠡ ᠳᠤ ᠨᠡᠭᠦᠯᠭᠡᠬᠦ᠂ ᠬᠤᠶᠠᠷ ᠲᠤ ᠪᠠᠭᠤᠷᠠᠭᠤᠯᠬᠤ᠂ ᠭᠤᠷᠪᠠ ᠳᠤ ᠨᠥᠬᠦᠪᠦᠷᠢᠯᠡᠬᠦ᠂ ᠳᠥᠷᠪᠡ ᠳᠤ ᠰᠢᠯᠵᠢᠭᠦᠯᠬᠦ︾ ᠵᠠᠷᠴᠢᠮ ᠢᠶᠠᠷ ᠰᠢᠢᠳᠪᠦᠷᠢᠯᠡᠨ᠎ᠡ᠄ ᠨᠡᠭᠦᠭᠡᠯᠭᠡᠭᠦ ᠭᠡᠳᠡᠭ ᠨᠢ ᠬᠡᠦᠬᠡᠳ ᠢ ᠥᠨᠳᠥᠷ ᠬᠠᠯᠠᠭᠤᠨ᠂ ᠥᠨᠳᠥᠷ ᠴᠢᠭᠢᠭᠯᠢᠭ᠂ ᠪᠢᠲᠡᠭᠦᠮᠵᠢᠯᠡᠭᠰᠡᠨ᠂ ᠨᠡᠷᠡᠨ ᠳᠤ ᠰᠢᠷᠠᠭᠳᠠᠭᠰᠠᠨ ᠣᠷᠴᠢᠨ ᠠᠴᠠ ᠦᠳᠲᠡᠷ ᠲᠦᠷᠭᠡᠨ ᠵᠠᠶᠢᠯᠠᠭᠤᠯᠵᠤ᠂ ᠰᠡᠷᠢᠭᠦᠨ ᠭᠠᠵᠠᠷ ᠰᠢᠯᠵᠢᠭᠦᠯᠦᠨ᠎ᠡ; ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠪᠣᠯ ᠨᠠᠷᠠᠰᠢᠭᠰᠠᠨ ᠠᠴᠠ ᠲᠦᠷᠭᠡᠨ ᠠᠪᠤᠷᠠᠬᠤ ᠬᠠᠮᠤᠭ ᠤᠨ ᠴᠢᠬᠤᠯᠠ ᠠᠷᠭ᠎ᠠ ᠬᠡᠮᠵᠢᠶ᠎ᠡ ᠮᠥᠨ᠂ ᠨᠠᠷᠠᠰᠢᠭᠰᠠᠨ ᠤ ᠳᠠᠷᠠᠭ᠎ᠠ 30 ᠮᠢᠨᠦ᠋ᠲ ᠤᠨ ᠳᠣᠲᠣᠷ᠎ᠠ ᠡᠷᠬᠡᠪᠰᠢ ᠠᠯᠢ ᠲᠦᠷᠭᠡᠨ ᠢᠶᠠᠷ 40 ᠭᠷᠡᠳᠦ᠋ᠰ ᠠᠴᠠ ᠳᠣᠷᠣᠭᠰᠢ ᠪᠤᠯᠲᠠᠯ᠎ᠠ ᠪᠠᠭᠤᠷᠠᠭᠤᠯᠵᠤ᠂ ᠳᠤᠯᠠᠭᠠᠨ ᠤ ᠬᠡᠮᠵᠢᠶ᠎ᠡ ᠶᠢ ᠪᠠᠭᠤᠷᠠᠭᠤᠯᠬᠤ ᠳᠤ ᠬᠤᠪᠴᠠᠰᠤ ᠬᠤᠨᠠᠷ ᠢ ᠨᠢ ᠲᠠᠶᠢᠯᠬᠤ᠂ ᠪᠦᠯᠢᠶᠡᠨ ᠤᠰᠤ ᠪᠠᠷ ᠪᠦᠭᠦ ᠪᠡᠶ᠎ᠡ ᠶᠢ ᠨᠢ ᠵᠦᠯᠭᠦᠬᠦ᠂ ᠰᠠᠯᠬᠢᠨ ᠰᠡᠩᠰᠡ ᠪᠤᠶᠤ ᠠᠭᠠᠷ ᠲᠣᠬᠢᠷᠠᠭᠤᠯᠤᠭᠴᠢ ᠪᠠᠷ ᠢᠯᠴᠢ ᠰᠠᠷᠨᠢᠭᠤᠯᠬᠤ ᠵᠡᠷᠭᠡ ᠪᠠᠭᠲᠠᠨ᠎ᠠ; ᠬᠡᠦᠬᠡᠳ ᠨᠠᠷᠠᠰᠢᠪᠠᠯ ᠦᠷᠭᠦᠯᠵᠢ ᠤᠰᠤ ᠠᠯᠳᠠᠬᠤ ᠪᠠ ᠴᠠᠭᠢᠯᠭᠠᠨ ᠵᠠᠳᠠᠯᠤᠬᠳᠠᠬᠤᠨ ᠰᠠᠮᠠᠭᠤᠷᠠᠬᠤ ᠪᠠᠶᠢᠳᠠᠯ ᠭᠠᠷᠳᠠᠭ᠂ ᠡᠶᠢᠮᠦ ᠠᠴᠠ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠬᠡᠦᠬᠡᠳ ᠲᠤ ᠬᠡᠪ ᠤᠨ ᠳᠤᠯᠠᠭᠠᠨ ᠲᠠᠢ ᠤᠰᠤ ᠪᠤᠶᠤ ᠴᠠᠭᠢᠯᠭᠠᠨ ᠵᠠᠳᠠᠯᠤᠬᠳᠠᠬᠤᠨ ᠤ ᠤᠮᠳᠠᠭᠠᠨ ᠤᠤᠭᠤᠯᠭᠠᠪᠠᠯ ᠵᠣᠭᠢᠨ᠎ᠠ; ᠬᠦᠨᠳᠦ ᠭᠡᠯᠪᠡᠷᠢ ᠶᠢᠨ ᠨᠠᠷᠠᠰᠢᠭᠰᠠᠨ᠂ ᠢᠯᠠᠩᠭᠤᠶ᠎ᠠ ᠶᠡᠭᠡ ᠬᠠᠯᠠᠭᠤᠷᠠᠬᠤ᠂ ᠤᠬᠠᠭᠠᠨ ᠰᠠᠨᠠᠭ᠎ᠠ ᠪᠠᠯᠠᠷᠠᠬᠤ᠂ ᠲᠠᠲᠠᠪᠠᠯᠵᠠᠬᠤ ᠵᠡᠷᠭᠡ ᠮᠡᠳᠡᠷᠡᠯ ᠤᠨ ᠰᠢᠰᠲ᠋ᠧᠮ ᠤᠨ ᠡᠪᠡᠳᠴᠢᠨ ᠤ ᠢᠯᠡᠷᠡᠯ ᠲᠠᠢ ᠬᠡᠦᠬᠡᠳ ᠢ ᠳᠠᠷᠤᠶᠢᠬᠠᠨ ᠣᠶᠢᠷ᠎ᠠ ᠬᠠᠪᠢ ᠶᠢᠨ ᠡᠮᠨᠡᠯᠭᠡ ᠶᠢᠨ ᠬᠤᠷᠢᠶ᠎ᠠ ᠳᠤ ᠬᠦᠷᠭᠡᠵᠦ ᠡᠮᠨᠡᠭᠦᠯᠭᠦ ᠬᠡᠷᠡᠭᠲᠡᠢ᠃     ︵︽ᠠᠷᠠᠳ ᠤᠨ ᠡᠳᠦᠷ ᠤᠨ ᠰᠣᠨᠢᠨ︾ ᠠᠴᠠ ᠣᠷᠴᠢᠭᠤᠯᠤᠨ ᠨᠠᠶᠢᠷᠠᠭᠤᠯᠪᠠ︶
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ