ᠣᠶᠤᠲᠠᠨ ᠡᠮᠴᠢᠯᠡᠭᠡᠨ ᠤ ᠤᠷ᠎ᠠ ᠴᠢᠳᠠᠪᠤᠷᠢ ᠶᠢᠨ ᠤᠷᠤᠯᠳᠤᠭᠠᠨ ᠤ ᠣᠨᠴᠠ ᠱᠠᠩᠨᠠᠯ ᠬᠦᠷᠲᠡᠵᠡᠢ
ᠨᠡᠶᠢᠲᠡᠯᠡᠭᠰᠡᠨ ᠴᠠᠭ᠄
2024/6/27
     ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠳᠤᠮᠳᠠᠳᠤ ᠤᠯᠤᠰ ᠤᠨ ᠡᠮᠴᠢ ᠶᠢᠨ ᠨᠡᠶᠢᠭᠡᠮᠯᠢᠭ ᠤᠨ ᠮᠡᠳᠡᠷᠡᠯ ᠤᠨ ᠰᠠᠯᠠᠭᠠᠨ ᠤ ᠡᠮᠴᠢ ᠶᠢᠨ ᠨᠡᠶᠢᠭᠡᠮᠯᠢᠭ ︵CPA︶ᠪᠠ CPA ᠮᠡᠳᠡᠷᠡᠯ ᠤᠨ ᠠᠨᠠᠭᠠᠬᠤ ᠤᠬᠠᠭᠠᠨ ᠤ ᠵᠢᠭᠠᠨ ᠰᠤᠷᠭᠠᠯᠲᠠ ᠶᠢᠨ ᠲᠤᠰᠬᠠᠢ ᠮᠡᠷᠭᠡᠵᠢᠯ ᠤᠨ ᠵᠢᠯᠤᠭᠤᠳᠬᠤ ᠵᠥᠪᠯᠡᠯ ᠠᠴᠠ ᠭᠤᠣᠯᠯᠠᠨ ᠡᠷᠭᠢᠯᠡᠵᠦ᠂ ᠤᠯᠤᠰ ᠤᠨ ᠮᠡᠳᠡᠷᠡᠯ ᠤᠨ ᠡᠪᠡᠳᠴᠢᠨ ᠤ ᠠᠨᠠᠭᠠᠬᠤ ᠤᠬᠠᠭᠠᠨ ᠤ ᠲᠥᠪ ᠠᠴᠠ ᠳᠠᠭᠠᠭᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠮᠡᠳᠡᠷᠡᠯ ᠤᠨ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠵᠢᠩᠬᠢᠨᠢ ᠠᠩᠭᠢ ᠶᠢᠨ ᠰᠣᠷᠣᠬᠴᠢ ᠶᠢᠨ ᠡᠮᠴᠢᠯᠡᠭᠡᠨ ᠤ ᠤᠷ᠎ᠠ ᠴᠢᠳᠠᠪᠤᠷᠢ ᠶᠢᠨ ᠤᠷᠤᠯᠳᠤᠭᠠᠨ ᠴᠠᠩᠱᠠ ᠬᠤᠲᠠ ᠳᠤ ᠶᠠᠪᠤᠭᠳᠠᠪᠠ᠃ ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠲᠥᠯᠥᠭᠡᠯᠡᠭᠴᠢᠳ ᠤᠨ ᠠᠩᠭᠢ ᠠᠩᠬ᠎ᠠ ᠤᠳᠠᠭ᠎ᠠ ᠤᠷᠤᠯᠳᠤᠭᠠᠨ ᠳᠤ ᠣᠷᠣᠯᠴᠠᠵᠤ᠂ ᠬᠤᠶᠠᠷ ᠡᠳᠦᠷ ᠤᠨ ᠰᠢᠷᠦᠭᠦᠨ ᠥᠷᠢᠰᠦᠯᠳᠦᠭᠡᠨ ᠢᠶᠠᠷ ᠣᠨᠴᠠ ᠲᠠᠰ ᠤᠨ ᠱᠠᠩᠨᠠᠯ ᠢ ᠭᠥᠷᠳᠡᠭᠰᠡᠨ ᠪᠠᠶᠢᠨ᠎ᠠ᠃     ᠥᠪᠥᠷ ᠮᠣᠩᠭᠤᠯ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠳᠡᠭᠡᠳᠦ ᠰᠤᠷᠭᠠᠭᠤᠯᠢ ᠶᠢᠨ ᠣᠶᠤᠨ ᠮᠡᠳᠡᠷᠡᠯ ᠤᠨ ᠠᠨᠠᠭᠠᠬᠤ ᠤᠬᠠᠭᠠᠨ ᠤ ᠵᠢᠩᠬᠢᠨᠢ ᠠᠩᠭᠢ ᠶᠢᠨ ᠲᠤᠰᠬᠠᠢ ᠮᠡᠷᠭᠡᠵᠢᠯ ᠤᠨ ᠯᠢᠦ ᠶᠦᠩ ᠢ ᠪᠣᠯᠣᠨ ᠰᠦᠨ ᠵᠢᠩ ᠵᠢᠩ ᠪᠠᠭᠰᠢ ᠪᠠᠷ ᠪᠦᠯᠭᠦᠮ ᠳᠠᠭᠠᠭᠤᠯᠤᠭᠰᠠᠨ᠂ 2019 ᠣᠨ ᠤ ᠰᠣᠷᠣᠬᠴᠢ ᠶᠠᠨ ᠯᠤᠸᠠᠨ ᡁᠢ ᠯᠢ ᠪᠣᠯᠣᠨ 2020 ᠣᠨ ᠤ ᠰᠣᠷᠣᠬᠴᠢ ᠵᠠᠩ ᠷᠦᠢ ᠭᠧ ᠪᠠᠷ ᠪᠦᠷᠢᠯᠳᠦᠭᠰᠡᠨ ᠲᠥᠯᠥᠭᠡᠯᠡᠭᠴᠢᠳ ᠤᠨ ᠠᠩᠭᠢ ᠯᠠᠪᠳᠠᠭᠤᠨ ᠪᠠᠲᠤᠲᠠᠢ ᠣᠨᠣᠯ ᠤᠨ ᠰᠠᠭᠤᠷᠢ ᠮᠡᠳᠡᠯᠭᠡ ᠪᠠ ᠲᠤᠰᠬᠠᠢ ᠮᠡᠷᠭᠡᠵᠢᠯ ᠤᠨ ᠦᠢᠯᠡᠳᠦᠯᠭᠡ ᠶᠢᠨ ᠤᠷ᠎ᠠ ᠴᠢᠳᠠᠪᠤᠷᠢ ᠪᠠᠨ ᠭᠦᠢᠴᠡᠳ ᠢᠯᠡᠷᠡᠭᠦᠯᠵᠦ᠂ ᠤᠷᠤᠯᠳᠤᠭᠠᠨ ᠤ ᠣᠨᠴᠠ ᠳᠡᠰ ᠤᠨ ᠱᠠᠩᠨᠠᠯ ᠭᠦᠷᠳᠡᠪᠡ᠃ ᠲᠤᠰ ᠤᠷᠤᠯᠳᠤᠭᠠᠨ ᠨᠢ ᠡᠮᠴᠢᠯᠡᠭᠡᠨ ᠤ ᠦᠨᠳᠦᠰᠦᠨ ᠤᠷ᠎ᠠ ᠴᠢᠳᠠᠪᠤᠷᠢ ᠶᠢᠨ ᠠᠵᠢᠯᠯᠠᠭ᠎ᠠ ᠵᠢᠴᠢ ᠣᠶᠤᠨ ᠮᠡᠳᠡᠷᠡᠯ ᠤᠨ ᠰᠠᠯᠠᠭᠠᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠪᠠᠶᠢᠴᠠᠭᠠᠵᠤ᠂ ᠤᠷᠤᠯᠳᠤᠭᠠᠨ ᠳᠤ ᠣᠷᠣᠯᠴᠠᠭᠰᠠᠳ ᠰᠣᠶᠣᠯ ᠢᠷᠭᠡᠨᠰᠢᠯ ᠤᠨ ᠬᠠᠯᠠᠮᠵᠢᠯᠠᠯ᠂ ᠡᠮᠴᠢᠯᠡᠭᠡᠨ ᠤ ᠰᠡᠳᠬᠢᠬᠦᠢ᠂ ᠡᠮᠴᠢᠯᠡᠭᠡᠨ ᠤ ᠤᠷ᠎ᠠ ᠴᠢᠳᠠᠪᠤᠷᠢ᠂ ᠪᠦᠯᠭᠦᠮ ᠨᠡᠶᠢᠲᠡ ᠶᠢᠨ ᠬᠠᠮᠲᠤᠷᠠᠯᠴᠠᠭ᠎ᠠ᠂ ᠡᠮᠴᠢ ᠡᠪᠡᠳᠴᠢᠲᠡᠨ ᠤ ᠨᠡᠪᠲᠡᠷᠡᠯᠴᠡᠭᠡ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠶᠡᠷᠦᠩᠬᠡᠶᠢᠯᠡᠭᠰᠡᠨ ᠴᠢᠳᠠᠪᠤᠷᠢ ᠪᠠᠨ ᠭᠦᠢᠴᠡᠳ ᠢᠯᠡᠷᠡᠭᠦᠯᠦᠭᠰᠡᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ