3800 ᠲᠦᠮᠡᠨ ᠮᠤ᠋ ᠨᠤᠳᠤᠭ ᠪᠡᠯᠴᠢᠭᠡᠷ ᠢ ᠲᠠᠭᠠᠳᠬᠠᠯ ᠤᠨ ᠲᠤᠷᠰᠢᠯᠳᠡ ᠶᠢᠨ ᠴᠡᠭ ᠲᠤ ᠤᠷᠤᠭᠤᠯᠪᠡ
ᠨᠡᠶᠢᠲᠡᠯᠡᠭᠰᠡᠨ ᠴᠠᠭ᠄
2024/6/27
     ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠶᠢ ᠦᠨᠳᠤᠰᠤᠯᠡᠪᠡᠯ᠂ ᠤᠳᠤᠬᠠᠨ ᠳᠤ ᠮᠠᠨ ᠤ ᠤᠷᠤᠨ ᠠᠯᠠᠱᠨ ᠠᠶᠢᠮᠠᠭ ᠠᠴᠠ ᠬᠦᠯᠤᠨ ᠪᠤᠶᠢᠷ ᠬᠤᠳᠠ ᠬᠦᠷᠳᠡᠯ᠎ᠡ 8 ᠠᠶᠢᠮᠠᠭ ᠬᠤᠳᠠ ᠶᠢᠨ 13 ᠬᠤᠰᠢᠭᠤ ᠰᠢᠶᠠᠨ ᠢ ᠬᠠᠮᠤᠷᠤᠬᠰᠡᠨ ᠪᠠᠷᠤᠭ 3800 ᠲᠦᠮᠡᠨ ᠮᠤ᠋ ᠨᠤᠳᠤᠭ ᠪᠡᠯᠴᠢᠭᠡᠷ ᠢ ᠦᠪᠤᠷ ᠮᠤᠩᠭᠤᠯ ᠤᠨ ᠨᠤᠳᠤᠭ ᠪᠡᠯᠴᠢᠭᠡᠷ ᠤᠨ ᠳᠠᠭᠠᠳᠬᠠᠯ ᠤᠨ ᠲᠤᠷᠰᠢᠯᠳᠡ ᠶᠢᠨ ᠴᠡᠭ ᠲᠤ ᠤᠷᠤᠭᠤᠯᠤᠬᠰᠡᠨ ᠪᠠᠶᠢᠨ᠎ᠠ᠃ ᠲᠠᠭᠠᠳᠬᠠᠯ ᠤᠨ ᠬᠠᠷᠢᠭᠤᠴᠠᠯᠠᠭ᠎ᠠ ᠳᠤ ᠭᠤᠤᠯᠳᠠᠭᠤ ᠨᠤᠳᠤᠭ ᠪᠡᠯᠴᠢᠭᠡᠷ ᠤᠨ ᠭᠠᠨᠭ᠌ ᠬᠠᠭᠰᠠᠷᠭᠠᠨ᠂ ᠭᠠᠯ ᠲᠤᠶᠢᠮᠡᠷ ᠤᠨ ᠭᠠᠮᠰᠢᠭ᠂ ᠬᠤᠷᠤᠬᠠᠢ ᠪᠤᠶᠤ ᠬᠤᠯᠤᠭᠠᠨ᠎ᠠ ᠶᠢᠨ ᠬᠦᠨᠤᠭᠡᠯ᠂ ᠡᠯᠡᠰᠤᠨ ᠰᠢᠭᠤᠷᠭ᠎ᠠ ᠶᠢᠨ ᠭᠠᠮᠰᠢᠭ ᠵᠡᠷᠭᠡ ᠨᠤᠳᠤᠭ ᠪᠡᠯᠴᠢᠭᠡᠷ ᠤᠨ 4 ᠲᠦᠷᠦᠯ ᠤᠨ ᠨᠡᠶᠢᠳᠡᠯᠢᠭ ᠭᠠᠮᠰᠢᠭ ᠢ ᠪᠠᠭᠳᠠᠭᠠᠨ᠎ᠠ᠃     2021 ᠤᠨ ᠠᠴᠠ ᠡᠬᠢᠯᠡᠨ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠦᠪᠡᠷᠳᠡᠭᠡᠨ ᠵᠠᠰᠠᠬᠤ ᠤᠷᠤᠨ ᠤ ᠤᠢ ᠰᠢᠭᠤᠢ ᠨᠤᠳᠤᠭ ᠪᠡᠯᠴᠢᠭᠡᠷ ᠤᠨ ᠲᠤᠪᠴᠢᠶ᠎ᠡ ᠪᠤᠯᠤᠨ ᠤᠯᠤᠰ ᠤᠨ ᠮᠦᠡᠭᠭᠦᠨ ᠬᠦᠢᠯᠭᠡᠭᠡᠨ ᠤ ᠬᠢᠨᠡᠯᠳᠡ ᠬᠠᠮᠢᠶᠠᠷᠤᠯᠳᠡ ᠶᠢᠨ ᠶᠡᠷᠤᠩᠭᠡᠢ ᠲᠤᠪᠴᠢᠶ᠎ᠡ ᠶᠢᠨ ᠦᠪᠤᠷ ᠮᠤᠩᠭᠤᠯ ᠤᠨ ᠬᠢᠨᠠᠯᠳᠡ ᠬᠠᠮᠢᠶᠠᠷᠤᠯᠳᠡ ᠶᠢᠨ ᠲᠤᠪᠴᠢᠶ᠎ᠡ ᠲᠠᠢ ᠬᠠᠮᠳᠤᠷᠠᠨ᠂ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ᠂ ᠨᠤᠳᠤᠭ ᠪᠡᠯᠴᠢᠭᠡᠷ ᠤᠨ ᠭᠠᠮᠰᠢᠭ ᠢ ᠰᠡᠷᠭᠡᠶᠢᠯᠡᠬᠦ᠂ ᠭᠠᠮᠰᠢᠭ ᠤᠨ ᠲᠠᠷᠠᠭᠠᠬᠢ ᠰᠡᠷᠭᠦᠭᠡᠯᠳᠡ ᠶᠢ ᠠᠬᠢᠭᠤᠯᠬᠤ ᠵᠡᠷᠭᠡ ᠨᠤᠳᠤᠭ ᠪᠡᠯᠴᠢᠭᠡᠷ ᠤᠨ ᠲᠠᠭᠠᠳᠬᠠᠯ ᠤᠨ ᠪᠠᠳᠤᠯᠠᠭ᠎ᠠ ᠶᠢᠨ ᠰᠢᠰᠲ᠋ᠧᠮ ᠢ ᠢᠳᠡᠪᠬᠢᠳᠠᠢ ᠬᠠᠶᠢᠨ ᠰᠦᠪᠡᠭᠴᠢᠯᠡᠵᠤ᠂ ᠪᠦᠬᠦ ᠤᠯᠤᠰ ᠲᠤ ᠲᠦᠷᠦᠭᠦᠯᠡᠨ ᠲᠦᠷᠦ ᠶᠢᠨ ᠪᠤᠳᠤᠯᠭ᠎ᠠ ᠶᠢᠨ ᠴᠢᠨᠠᠷᠳᠠᠢ ᠨᠤᠳᠤᠭ ᠪᠡᠯᠴᠢᠭᠡᠷ ᠤᠨ ᠲᠠᠭᠠᠳᠬᠠᠯ ᠤᠨ ᠲᠤᠷᠰᠢᠯᠳᠡ ᠶᠢ ᠦᠷᠨᠢᠭᠦᠯᠪᠡ᠃     ᠲᠤᠷᠰᠢᠯᠳᠡ ᠶᠢᠨ ᠬᠤᠭᠤᠴᠠᠭᠠᠨ ᠳᠤ᠂ ᠮᠠᠨ ᠤ ᠤᠷᠤᠨ ᠨᠤᠳᠤᠭ ᠪᠡᠯᠴᠢᠭᠡᠷ ᠤᠨ ᠲᠠᠭᠠᠳᠬᠠᠯ ᠤᠨ ᠵᠠᠷᠤᠳᠠᠯ ᠤᠨ ᠨᠦᠬᠦᠪᠤᠷᠢ ᠶᠢ ᠲᠡᠭᠡᠳᠤ ᠬᠡᠮᠵᠢᠶ᠎ᠡ ᠪᠠᠷ ᠴᠢᠬᠤᠯᠠᠴᠢᠯᠡᠨ ᠨᠠᠶᠢᠳᠠᠪᠤᠷᠢᠵᠢᠭᠤᠯᠵᠤ᠂ ᠡᠯ᠎ᠡ ᠱᠠᠳᠤᠨ ᠤ ᠡᠳ᠋ ᠤᠨ ᠵᠠᠰᠠᠭ ᠤᠨ ᠨᠦᠬᠦᠪᠤᠷᠢ ᠶᠢᠨ ᠪᠡᠯᠨ ᠮᠦᠡᠭᠬᠦ ᠶᠢ 5308.23 ᠲᠦᠮᠡᠨ ᠲᠦᠭᠦᠷᠢᠭ ᠨᠠᠶᠢᠳᠠᠪᠤᠷᠢᠵᠢᠭᠤᠯᠤᠨ᠂ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠡ ᠶᠢ ᠡᠷᠴᠢᠮᠳᠠᠢ ᠠᠬᠢᠭᠤᠯᠪᠡ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠡ ᠶᠢᠨ ᠲᠠᠯ᠎ᠠ ᠪᠠᠷ ᠲᠠᠭᠠᠭᠠᠴᠢᠯᠠᠬᠰᠡᠨ ᠪᠠᠶᠢᠭᠤᠯᠤᠮᠵᠢ ᠶᠢ ᠱᠠᠯᠠᠪᠳᠠᠭᠤᠯᠵᠤ ᠪᠠᠶᠢᠭᠠᠳ ᠨᠤᠳᠤᠭ ᠪᠡᠯᠴᠢᠭᠡᠷ ᠤᠨ ᠰᠡᠷᠭᠡᠶᠢᠯᠡᠨ ᠬᠠᠮᠠᠭᠠᠯᠠᠬᠤ ᠲᠤᠨᠤᠭ ᠲᠦᠭᠦᠭᠡᠷᠤᠮᠵᠢ ᠶᠢ ᠵᠠᠰᠠᠬᠤ᠂ ᠬᠤᠷᠤᠬᠠᠢ ᠪᠡ ᠬᠤᠯᠤᠭᠠᠨ᠎ᠠ ᠶᠢᠨ ᠬᠦᠨᠤᠭᠡᠯ ᠢ ᠵᠠᠰᠠᠬᠤ᠂ ᠭᠠᠮᠰᠢᠭ ᠢ ᠰᠡᠷᠭᠡᠶᠢᠯᠡᠨ ᠬᠤᠬᠢᠷᠠᠯ ᠢ ᠪᠠᠭᠠᠰᠬᠠᠬᠤ ᠲᠦᠭᠦᠭᠡᠷᠤᠮᠵᠢ ᠬᠤᠳᠠᠯᠳᠤᠨ ᠠᠪᠬᠤ᠂ ᠨᠤᠳᠤᠭ ᠪᠡᠯᠴᠢᠭᠡᠷ ᠢ ᠬᠠᠮᠠᠭᠠᠯᠠᠬᠴᠢᠳ ᠲᠤ ᠨᠦᠬᠦᠪᠤᠷᠢ ᠤᠯᠭᠤᠬᠤ ᠵᠡᠷᠭᠡ ᠠᠵᠢᠯ ᠢ ᠦᠷᠨᠢᠭᠦᠯᠵᠤ᠂ ᠨᠤᠳᠤᠭ ᠪᠡᠯᠴᠢᠭᠡᠷ ᠤᠨ ᠭᠠᠮᠰᠢᠭ ᠵᠢᠴᠢ ᠲᠠᠭᠠᠳᠬᠠᠯ ᠳᠤ ᠤᠷᠤᠯᠴᠠᠬᠰᠡᠨ ᠮᠠᠯᠴᠢᠳ ᠤᠨ ᠬᠤᠬᠢᠷᠠᠯ ᠢ ᠪᠦᠳᠦᠮᠵᠢᠳᠠᠢ ᠪᠠᠭᠠᠰᠬᠠᠬᠰᠡᠨ ᠪᠠᠶᠢᠨ᠎ᠠ᠃
ᠢᠷᠡᠯᠲᠡ᠄ ᠠᠷᠠᠳ ᠤᠨ ᠰᠦᠯᠵᠢᠶ᠎ᠡ ᠶᠢᠨ ᠮᠤᠩᠭᠤᠯ ᠬᠡᠪᠯᠡᠯ