ᠭᠢᠶ᠎ᠠ ᠪᠠᠭᠰᠢ ᠶᠢᠨ ᠮᠡᠳᠡᠭᠡ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠡᠯ ᠤᠨ ᠲᠢᠩᠬᠢᠮ ᠠᠴᠠ 2024 ᠣᠨ ᠤ ᠪᠥᠬᠦ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠶᠢᠨ ᠨᠡᠷᠡᠰ ᠢ ᠨᠡᠶᠢᠲᠡᠯᠡᠵᠦ᠂ ᠪᠥᠬᠦ ᠣᠷᠣᠨ ᠳᠤ ᠥᠪᠡᠷᠲᠡᠭᠡᠨ ᠵᠠᠰᠠᠬᠤ ᠣᠷᠣᠨ ᠤ | ᠮᠠᠯᠵᠢᠬᠤ ᠲᠠᠷᠢᠶᠠᠯᠠᠬᠤ ᠣᠷᠣᠨ ᠤ 120 ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠶᠢ ᠰᠢᠯᠭᠠᠷᠠᠭᠤᠯᠤᠨ ᠭᠠᠷᠭᠠᠵᠠᠶ᠂ ᠡᠭᠦᠨ ᠳᠤ ᠮᠠᠨ ᠤ ᠬᠤᠲᠠ ᠶᠢᠨ 15 | ᠰᠣᠶᠣᠯ ᠤᠨ ᠡᠷᠦᠬᠡ ᠰᠣᠩᠭᠤᠭᠳᠠᠭᠰᠠᠨ ᠪᠠᠶᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠬᠥᠳᠡᠭᠡ ᠲᠣᠰᠬᠤᠨ ᠤ ᠰᠣᠶᠣᠯ ᠤᠨ ᠭᠦᠭᠵᠢᠯᠳᠡ ᠶᠢ ᠠᠬᠢᠭᠤᠯᠬᠤ᠂ ᠬᠥᠳᠡᠭᠡ ᠲᠣᠰᠬᠤᠨ ᠤ ᠪᠤᠯᠪᠠᠰᠤᠨ ᠰᠤᠷᠳᠡᠯ ᠢ | ᠰᠤᠷᠳᠠᠯᠴᠢᠯᠠᠬᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠪᠠᠷ ᠬᠢ ᠰᠣᠶᠣᠯ ᠤᠨ | ᠡᠷᠦᠬᠡ ᠶᠢᠨ ᠢᠳᠡᠪᠬᠢ ᠦᠢᠯᠡᠳᠦᠯ ᠢ ᠨᠡᠩ ᠰᠠᠶᠢᠨ ᠪᠠᠳᠠᠷᠠᠭᠤᠯᠦᠨ᠂ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠬᠥᠭᠵᠢᠯᠲᠡ ᠶᠢ ᠲᠠᠭᠤᠷᠢᠶᠡᠯ ᠦᠵᠡᠭᠦᠯᠦᠨ | ᠳᠠᠶᠢᠴᠢᠯᠠᠵᠤ᠂ ᠮᠠᠯᠴᠢᠨ ᠲᠠᠷᠢᠶᠠᠴᠢᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠶᠢᠨ ᠲᠦᠯᠦᠭᠡ᠂ ᠥᠪᠡᠷᠲᠡᠭᠡᠨ ᠵᠠᠰᠠᠬᠤ ᠣᠷᠣᠨ ᠤ | ᠰᠣᠶᠣᠯ ᠪᠠ ᠵᠤᠭᠠᠴᠡᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠦᠳᠡᠭᠡ ᠳᠤᠰᠬᠤᠨ ᠮᠠᠯᠵᠢᠬᠤ ᠤᠷᠤᠨ ᠤ | ᠲᠢᠩᠬᠢᠮ ᠤᠨ ᠬᠠᠮᠲᠤ ᠪᠠᠷ ᠳᠠᠷᠤᠮᠠᠯᠯᠠᠨ ᠲᠠᠷᠬᠠᠭᠠᠬᠰᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ | ᠡᠷᠦᠬᠡ ᠶᠢ ᠲᠡᠮᠵᠢᠨ ᠬᠥᠭᠵᠢᠭᠦᠯᠬᠦ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠡᠷᠦᠬᠡ ᠵᠢᠴᠢ ᠲᠠᠭᠤᠷᠢᠶᠡᠯ ᠦᠵᠡᠭᠦᠯᠬᠦ ᠡᠷᠦᠬᠡ ᠶᠢᠨ ᠦᠨᠳᠦᠰᠦᠨ ᠪᠠᠷᠢᠮᠵᠢᠶ᠎ᠠ︾ ᠲᠠᠢ ᠤᠶᠠᠯᠳᠤᠭᠤᠯᠤᠨ᠂ ᠡᠯ᠎ᠡ | ᠭᠠᠵᠠᠷ ᠤᠨ ᠬᠢᠨ ᠱᠠᠲᠤ ᠱᠠᠲᠤ ᠪᠠᠷ ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠤᠭᠠᠴᠡᠯ ᠤᠨ ᠲᠢᠩᠬᠢᠮ ᠠᠴᠠ | ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ 2024 ᠣᠨ ᠤ ᠪᠥᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠲᠠᠭᠤᠷᠢᠶᠡᠯ ᠦᠵᠡᠭᠦᠯᠬᠦ | ᠡᠷᠦᠬᠡ ᠶᠢ ᠰᠢᠯᠭᠠᠷᠠᠭᠤᠯᠬᠤ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ 120 ᠰᠣᠶᠣᠯ ᠤᠨ ᠲᠠᠭᠤᠷᠢᠶᠡᠯ | ᠦᠵᠡᠭᠦᠯᠬᠦ ᠡᠷᠦᠬᠡ ᠶᠢ ᠰᠢᠯᠭᠠᠷᠠᠭᠤᠯᠪᠠ᠃ ᠣᠲᠣᠬᠠᠨ ᠪᠣᠯᠲᠠᠯ᠎ᠠ᠂ ᠮᠠᠨ ᠤ ᠬᠤᠲᠠ ᠳᠤ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠰᠣᠶᠣᠯ ᠤᠨ ᠲᠠᠭᠤᠷᠢᠶᠡᠯ ᠦᠵᠡᠭᠦᠯᠬᠦ ᠡᠷᠦᠬᠡ ᠨᠡᠶᠢᠲᠡ 60 ᠪᠠᠶᠢᠨ᠎ᠠ᠃ ︵ᠰᠤᠶᠤᠯ ᠪᠡ ᠵᠤᠭᠠᠴᠡᠯ ᠤᠨ ᠲᠤᠪᠴᠢᠶ᠎ᠠ ᠠᠴᠠ ᠬᠠᠨᠭ᠍ᠭᠠᠪᠡ︶ | |