ᠡᠮ ᠡᠮᠨᠡᠯᠬᠡ ᠶᠢᠨ ᠬᠠᠮᠳᠤ ᠶᠢᠨ ᠴᠤᠭᠴᠠ᠄ ᠠᠷᠠᠳ ᠤᠯᠠᠨ ᠤ ᠡᠷᠡᠬᠦᠯ ᠮᠡᠨᠳᠦ ᠶᠢᠨ ᠪᠠᠳᠤᠯᠠᠭ᠎ᠠ
ᠨᠡᠶᠢᠲᠡᠯᠡᠭᠰᠡᠨ ᠴᠠᠭ᠄
2024/6/27
     ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠢ ᠲᠦᠷᠭᠡᠳᠭᠡᠨ᠂ ︽ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ︾ ᠠᠵᠢᠯ ᠤᠨ ᠴᠢᠭᠯᠡᠯᠲᠡ ᠶᠢ ᠳᠣᠪᠤᠶᠢᠯᠭᠠᠬᠤ ᠶᠢᠨ ᠲᠦᠯᠤᠭᠡ᠂ ᠲᠠᠯᠠᠳ ᠬᠤᠰᠢᠭᠤ ᠨᠢ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠪᠠᠷ ᠭᠠᠷᠳᠠᠴᠠ ᠪᠣᠯᠭᠠᠵᠤ᠂ ᠨᠠᠰᠤᠲᠠᠶᠢᠴᠤᠳ᠂ ᠤᠳᠠᠭᠠᠨ ᠴᠢᠨᠠᠷᠲᠠᠶ ᠡᠪᠡᠳᠴᠢᠲᠡᠨ ᠵᠡᠷᠭᠡ ᠭᠤᠤᠯᠳᠠᠯᠭ᠎ᠠ ᠲᠠᠢ ᠬᠥᠮᠦᠰ  ᠲᠤ ᠨᠡᠩ ᠰᠡᠶᠢᠨ ᠡᠮᠴᠢᠯᠡᠬᠡᠨ ᠤ ᠦᠢᠯᠡᠴᠢᠯᠡᠭᠡ ᠬᠠᠨᠭ᠍ᠭᠠᠵᠤ᠂ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ ᠰᠢᠨ᠎ᠡ ᠦᠢᠯᠡᠴᠢᠯᠡᠭᠡᠨ ᠤ ᠵᠠᠭᠪᠤᠷ ᠢ ᠰᠦᠪᠡᠭᠴᠢᠯᠡᠵᠦ᠂ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠴᠢᠳᠠᠪᠤᠷᠢ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢᠨ ︽ᠬᠤᠤᠰ ᠳᠡᠭᠡᠭᠰᠢᠯᠡᠯᠲᠡ︾ ᠶᠢ ᠪᠡᠶᠡᠯᠡᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢᠨ ᠦᠢᠯᠡᠴᠢᠯᠡᠭᠡᠨ ᠤ ︽ᠡᠴᠦᠰ ᠤᠨ ᠨᠢᠭᠡ ᠺᠢᠯᠦᠮᠧᠲᠷ︾ ᠢ ᠨᠡᠪᠲᠡᠷᠡᠭᠦᠯᠵᠡᠢ      ︽1+1+N︾ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ ᠶᠢ ᠰᠢᠨ᠎ᠡ ᠪᠠᠷ ᠡᠭᠦᠳᠦᠨ ᠥᠷᠨᠢᠭᠦᠯᠪᠡ᠃ ᠭᠤᠤᠯᠳᠠᠯᠭ᠎ᠠ ᠲᠠᠢ ᠬᠥᠮᠦᠰ ᠤᠨ ᠬᠡᠷ ᠲᠤᠨᠢ ᠬᠦᠷᠴᠦ ᠡᠷᠡᠭᠦᠯ ᠮᠡᠨᠳᠦ ᠶᠢᠨ ᠵᠢᠯᠣᠭᠤᠳᠣᠯᠭ᠎ᠠ ᠪᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠠᠩᠭᠠᠵᠤ᠂ ᠲᠡᠳᠡᠨ ᠳᠤ ᠲᠤᠰᠬᠠᠢ ᠲᠠᠩᠰᠠ ᠡᠪᠬᠡᠮᠡᠯ ᠪᠠᠶᠢᠭᠤᠯᠵᠤ᠂ ᠭᠡᠷ᠎ᠡ ᠲᠣᠭᠲᠠᠬᠤ ᠶᠢᠨ ᠬᠠᠮᠲᠤ ᠶᠡᠷᠦᠩᠬᠡᠶᠢᠯᠡᠭᠰᠡᠨ᠂ ᠦᠷᠭᠦᠯᠵᠢᠯᠡᠭᠰᠡᠨ᠂ ᠬᠥᠳᠡᠯᠦᠩᠭᠦᠶ ᠡᠷᠡᠭᠦᠯ ᠮᠡᠨᠳᠦ ᠶᠢᠨ ᠦᠢᠯᠡᠴᠢᠯᠡᠭᠡᠨ ᠤ ᠬᠠᠮᠢᠶᠠᠷᠤᠯᠲᠠ ᠬᠠᠩᠭᠠᠪᠠ᠃ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ 156 ᠪᠦᠯᠬᠦᠮ ᠢ ᠵᠣᠬᠢᠶᠠᠨ ᠪᠠᠶᠢᠭᠤᠯᠵᠤ᠂ 291958 ᠭᠤᠤᠯᠳᠠᠯᠭ᠎ᠠ ᠲᠠᠢ ᠬᠥᠮᠦᠨ ᠲᠠᠢ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠶᠢ ᠪᠡᠶᠡᠯᠡᠭᠦᠯᠦᠭᠰᠡᠨ ᠪᠠᠶᠢᠨ᠎ᠠ᠃     ᠤᠳᠠᠭᠠᠨ ᠴᠢᠨᠠᠷᠲᠠᠶ ᠡᠪᠡᠳᠴᠢᠨ ᠤ ᠬᠠᠮᠢᠶᠠᠷᠤᠯᠲᠠ ᠶᠢᠨ ᠰᠢᠨ᠎ᠡ ᠵᠠᠭᠪᠤᠷ ᠢ ᠡᠬᠢᠯᠡᠭᠦᠯᠪᠡ᠃ ᠡᠮ ᠡᠮᠨᠡᠯᠬᠡ ᠶᠢᠨ ᠬᠠᠮᠲᠤ ᠶᠢᠨ ᠴᠣᠭᠴᠠ ᠶᠢᠨ ᠲᠤᠯᠤᠭᠠᠶᠢᠯᠠᠭᠴᠢ ᠡᠮᠨᠡᠯᠭᠡ ᠶᠢᠨ ᠬᠤᠷᠢᠶ᠎ᠠ ᠠᠴᠠ 10 ᠲᠤᠰᠬᠠᠶ ᠮᠡᠷᠭᠡᠵᠢᠯᠲᠡᠨ ᠢ ᠰᠣᠩᠭᠤᠨ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠤᠮᠢᠯᠠᠵᠤ᠂ ᠦᠨᠳᠦᠰᠦᠨ ᠱᠠᠲᠤᠨ ᠤ ᠨᠡᠷᠡᠲᠦ ᠡᠮᠴᠢ ᠶᠢᠨ ᠠᠵᠢᠯ ᠤᠨ ᠥᠷᠲᠡᠭᠡ ᠶᠢ ᠪᠠᠶᠢᠭᠤᠯᠵᠤ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠵᠡᠷᠭᠡ ᠤᠳᠠᠭᠠᠨ ᠴᠢᠨᠠᠷᠲᠠᠶ ᠡᠪᠡᠳᠴᠢᠨ ᠢ ᠤᠷᠢᠳᠴᠢᠯᠠᠨ ᠰᠡᠷᠭᠡᠶᠢᠯᠡᠵᠦ ᠣᠨᠣᠰᠢᠯᠠᠨ ᠡᠮᠨᠡᠬᠦ᠂ ᠡᠷᠡᠭᠦᠯ ᠮᠡᠨᠳᠦ ᠶᠢᠨ ᠬᠠᠮᠢᠶᠠᠷᠤᠯᠲᠠ ᠪᠠ ᠡᠷᠡᠭᠦᠯ ᠮᠡᠨᠳᠦ ᠶᠢᠨ ᠬᠥᠮᠦᠵᠢᠯ ᠢᠶᠠᠷ ᠭᠤᠤᠯᠳᠠᠯᠭ᠎ᠠ ᠪᠣᠯᠭᠠᠵᠤ᠂ ︽1+1︾ ᠣᠨᠣᠰᠢᠯᠠᠨ ᠡᠮᠨᠡᠬᠦ ᠵᠠᠭᠪᠤᠷ ᠢ ᠬᠡᠷᠡᠭᠵᠢᠭᠦᠯᠦᠨ᠂ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠶᠢᠨ ᠲᠤᠰᠬᠠᠶ ᠰᠠᠯᠠᠭᠠᠨ ᠤ ᠡᠮᠴᠢ ᠠᠴᠠ ᠣᠨᠣᠰᠢᠯᠠᠨ ᠡᠮᠨᠡᠬᠦ ᠲᠥᠰᠦᠯ ᠲᠣᠭᠲᠠᠭᠠᠵᠤ᠂ ᠦᠨᠳᠦᠰᠦᠨ ᠱᠠᠲᠤᠨ ᠤ ᠶᠡᠷᠦᠩᠬᠡᠶ ᠰᠠᠯᠠᠭᠠᠨ ᠤ ᠡᠮᠴᠢ ᠠᠴᠠ ᠰᠡᠭᠦᠯᠴᠢ ᠶᠢᠨ ᠬᠤᠭᠤᠴᠠᠭᠠᠨ ᠤ ᠡᠮᠨᠡᠨ ᠵᠠᠰᠠᠬᠤ ᠪᠠ ᠳᠠᠭᠠᠵᠤ ᠰᠤᠷᠪᠤᠯᠵᠢᠯᠠᠬᠤ ᠶᠢ ᠬᠠᠷᠢᠭᠤᠴᠠᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠱᠠᠲᠤ ᠬᠤᠪᠢᠶᠠᠨ ᠣᠨᠣᠰᠢᠯᠠᠨ ᠡᠮᠨᠡᠬᠦ᠂ ᠪᠥᠬᠦ ᠶᠠᠪᠤᠴᠠ ᠳᠤ ᠡᠷᠡᠭᠦᠯ ᠮᠡᠨᠳᠦ ᠶᠢᠨ ᠬᠠᠮᠢᠶᠠᠷᠤᠯᠲᠠ ᠲᠠᠢ ᠡᠮᠴᠢᠯᠡᠭᠡ ᠪᠠ ᠰᠡᠷᠭᠡᠶᠢᠯᠡᠯᠲᠡ ᠶᠢ ᠠᠭᠤᠰᠤᠯᠴᠠᠭᠤᠯᠬᠤ ᠦᠢᠯᠡᠴᠢᠯᠡᠭᠡᠨ ᠤ ᠵᠠᠭᠪᠤᠷ ᠢ ᠪᠣᠶ ᠪᠣᠯᠭᠠᠭᠰᠠᠨ ᠪᠠᠶᠢᠨ᠎ᠠ᠃     ᠬᠢᠨᠠᠨ ᠵᠢᠯᠣᠭᠤᠳᠬᠤ ᠪᠠ ᠦᠨᠡᠯᠡᠬᠦ ᠠᠵᠢᠯ ᠢ ᠴᠢᠩᠭᠠᠳᠬᠠᠪᠠ᠃ ︽ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ + ᠡᠮᠨᠡᠯᠭᠡ ᠶᠢᠨ ᠬᠤᠷᠢᠶ᠎ᠠ︾ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢᠶᠠᠷ ᠲᠣᠯᠣᠭᠠᠶᠢᠯᠠᠬᠤ ᠨᠢᠭᠡᠴᠢ ᠪᠣᠯᠭᠠᠨ ᠬᠤᠰᠢᠭᠤ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ᠂ ᠲᠤᠬᠠᠶᠢᠯᠠᠭᠰᠠᠨ ᠠᠵᠢᠯ ᠢ ᠵᠢᠯᠣᠭᠤᠳᠬᠤ᠂ ᠠᠵᠢᠯ ᠤᠨ ᠦᠷ᠎ᠡ ᠪᠦᠲᠦᠮᠵᠢ ᠶᠢ ᠦᠨᠡᠯᠡᠬᠦ ᠵᠡᠷᠭᠡ ᠠᠵᠢᠯ ᠢ ᠬᠠᠷᠢᠭᠤᠴᠠᠪᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠮᠡᠷᠭᠡᠵᠢᠯ ᠤᠨ ᠵᠢᠭᠠᠨ ᠵᠢᠯᠣᠭᠤᠳᠬᠤ ᠪᠦᠯᠬᠦᠮ ᠢ ᠵᠣᠬᠢᠶᠠᠨ ᠪᠠᠶᠢᠭᠤᠯᠵᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠳᠤ ᠣᠷᠣᠯᠴᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯ ᠤᠨ ᠲᠣᠤᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠣᠲᠣ ᠨᠢᠭᠡᠨᠲᠡ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠨᠢᠭᠡᠳᠦᠭᠡᠷ ᠤᠯᠠᠷᠢᠯ ᠤᠨ ᠠᠵᠢᠯ ᠤᠨ ᠬᠢᠨᠠᠨ ᠵᠢᠯᠣᠭᠤᠳᠣᠯᠭ᠎ᠠ ᠶᠢ ᠪᠡᠶᠡᠯᠡᠭᠦᠯᠦᠭᠰᠡᠨ ᠪᠥᠭᠡᠳ ᠦᠷ᠎ᠡ ᠳ᠋ᠦᠩ ᠢ ᠨᠢ ᠡᠯ᠎ᠡ ᠡᠮᠴᠢᠯᠡᠭᠡᠨ ᠤ ᠪᠠᠶᠢᠭᠤᠯᠤᠮᠵᠢ ᠳᠤ ᠬᠠᠷᠢᠭᠤ ᠲᠤᠰᠬᠠᠭᠰᠠᠨ ᠪᠠᠶᠢᠨ᠎ᠠ᠃     ᠣᠶᠢᠷ᠎ᠠ ᠶᠢᠨ ᠵᠢᠯ ᠠᠴᠠ ᠨᠠᠭᠠᠰᠢ᠂ ᠮᠠᠨ ᠤ ᠬᠤᠲᠠ ᠨᠢ ︽ᠪᠠᠭ᠎ᠠ ᠡᠪᠡᠳᠴᠢᠨ ᠢ ᠲᠣᠰᠬᠤᠨ ᠠᠴᠠ ᠭᠠᠷᠭᠠᠬᠤ ᠦᠭᠡᠶ᠂ ᠬᠦᠨᠳᠦ ᠡᠪᠡᠳᠴᠢᠨ ᠢ ᠰᠢᠶᠠᠨ ᠠᠴᠠ ᠭᠠᠷᠭᠠᠬᠤ ᠦᠭᠡᠶ︾ ᠭᠡᠰᠡᠨ ᠬᠠᠷᠠᠯᠲᠠ ᠶᠢᠨ ᠲᠣᠭᠤᠷᠢᠨ ᠳᠤ ᠦᠨᠳᠦᠰᠦᠨ ᠱᠠᠲᠤ ᠪᠠᠷ ᠭᠤᠤᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠥᠷᠨᠢᠭᠦᠯᠬᠦ ᠪᠠᠷ ᠭᠠᠷᠳᠠᠴᠠ ᠪᠣᠯᠭᠠᠨ᠂ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠬᠢ ᠪᠠᠶᠠᠯᠢᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠬᠥᠭᠵᠢᠯᠲᠡ ᠶᠢᠨ ᠣᠨᠴᠠᠯᠢᠭ ᠲᠤ ᠳᠣᠭᠢᠷᠠᠭᠰᠠᠨ᠂ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠰᠢᠶᠠᠨ ᠤ ᠬᠡᠪᠴᠢᠶᠡᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠦᠷᠭᠡᠳᠭᠡᠨ ᠪᠠᠶᠢᠭᠤᠯᠵᠤ᠂ ᠣᠯᠠᠨ ᠲᠦᠮᠡᠨ ᠤ ᠣᠶᠢᠷ᠎ᠠ ᠬᠠᠪᠢ ᠳᠠᠭᠠᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡ ᠭᠥᠷᠳᠡᠬᠦ ᠶᠢ ᠪᠠᠲᠤᠯᠠᠭᠰᠠᠭᠠᠷ ᠢᠷᠡᠵᠡᠢ᠃ ᠣᠳᠣᠬᠠᠨ ᠳᠤ ᠮᠡᠨ ᠤ ᠬᠤᠳᠠ 7 ᠬᠤᠰᠢᠭᠤ ᠨᠢᠭᠲᠠ ᠬᠡᠯᠪᠡᠷᠢ ᠶᠢᠨ ᠰᠢᠶᠠᠨ ᠤ ᠬᠡᠪᠴᠢᠶᠡᠨ ᠤ ᠡᠮ ᠡᠮᠨᠡᠯᠭᠡ ᠶᠢᠨ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠠᠵᠢᠯ ᠢ ᠵᠡᠷᠭᠡ ᠪᠠᠷ ᠠᠬᠢᠭᠤᠯᠵᠤ᠂ ᠨᠢᠭᠡᠨᠲᠡ 12 ᠨᠢᠭᠲᠠ ᠬᠡᠯᠪᠡᠷᠢ ᠶᠢᠨ ᠡᠮ ᠡᠮᠨᠡᠯᠭᠡ ᠶᠢᠨ ᠬᠠᠮᠲᠤ ᠶᠢᠨ ᠴᠣᠭᠴᠠ ᠶᠢ ᠵᠣᠬᠢᠶᠠᠨ ᠪᠠᠶᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠳᠤ ᠦᠢᠯᠡᠴᠢᠯᠡᠭᠦ ᠶᠢ ᠪᠦᠬᠦᠨ ᠢ ᠬᠠᠮᠤᠷᠬᠤ ᠶᠢ ᠪᠡᠶᠡᠯᠡᠭᠦᠯᠦᠭᠰᠡᠨ ᠪᠠᠶᠢᠨ᠎ᠠ᠃
ᠢᠷᠡᠯᠲᠡ᠄ ᠤᠷᠳᠤᠰ ᠤᠨ ᠡᠳᠤᠷ ᠤᠨ ᠰᠤᠨᠢᠨ ᠤ ᠮᠤᠩᠭᠤᠯ ᠬᠡᠪᠯᠡᠯ