ᠯᠢ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ | ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ ᠮᠡᠷᠭᠡᠰᠢᠯᠳᠦ ᠴᠢᠳᠠᠪᠤᠷᠢᠲᠠᠨ ᠢ ᠬᠥᠮᠦᠵᠢᠭᠦᠯᠬᠦ ᠠᠵᠢᠯ ᠢ ᠪᠠᠶᠢᠷᠢᠯᠠᠭᠤᠯᠤᠨ ᠴᠢᠩᠭᠠᠳᠬᠠᠵᠤ᠂ | ︽ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠵᠢᠯᠣᠭᠤᠳᠬᠤ | ᠰᠠᠨᠠᠯ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ | ︵ᠵᠠᠰᠠᠪᠤᠷᠢ ᠣᠷᠤᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ | ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 26 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠣᠷᠢᠭ | ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ | ᠠᠬᠢᠭᠤᠯᠤᠭᠰᠠᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠤᠳᠤᠯᠵᠤ᠂ | ᠮᠡᠷᠭᠡᠰᠢᠯᠳᠦ ᠴᠢᠳᠠᠪᠤᠷᠢᠲᠠᠨ ᠬᠥᠮᠦᠵᠢᠭᠦᠯᠬᠦ ᠪᠠᠨ ᠴᠢᠩᠭᠠᠳᠬᠠᠵᠤ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠬᠦ | ᠠᠵᠢᠯ ᠢ ᠪᠠᠶᠢᠷᠢᠯᠠᠭᠤᠯᠵᠤ᠂ ︽ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠠᠰᠠᠷᠠᠨ ᠰᠤᠪᠢᠯᠠᠬᠤ ᠦᠢᠯᠡᠴᠢᠯᠡᠭᠡ ᠶᠢ | ᠰᠢᠯᠢᠳᠡᠭᠵᠢᠭᠦᠯᠬᠦ ᠲᠤᠬᠠᠢ ᠵᠢᠯᠣᠭᠤᠳᠬᠤ ᠰᠠᠨᠠᠯ︾ ᠪᠣᠯᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠤᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢ᠂ ᠡᠯ᠎ᠡ | ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠤᠨ ᠠᠵᠢᠯᠯᠠᠭ᠎ᠠ ᠡᠷᠴᠢᠮᠲᠡᠢ᠂ ᠦᠷ᠎ᠡ ᠪᠦᠲᠦᠮᠵᠢ ᠢᠯᠡᠷᠬᠡᠢ ᠪᠠᠶᠢᠵᠤ᠂ ᠪᠦᠬᠦ ᠤᠯᠤᠰ ᠤᠨ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠶᠡᠷᠦᠩᠬᠡᠢ ᠳᠤ ᠪᠠᠨ ᠦᠷᠭᠦᠯᠵᠢᠯᠡᠨ ᠰᠠᠶᠢᠵᠢᠷᠠᠪᠠ᠃ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ | ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠭᠦᠨᠵᠡᠭᠡᠢ ᠰᠠᠶᠢᠲᠤᠷ ᠠᠳᠬᠤᠵᠤ᠂ ᠦᠵᠡᠰᠬᠦᠯᠡᠩᠲᠦ ᠰᠠᠶᠢᠬᠠᠨ ᠳᠤᠮᠳᠠᠳᠤ | ᠤᠯᠤᠰ ᠤᠨ ᠬᠤᠰᠢᠭᠤᠴᠢ ᠣᠷᠣᠨ ᠤ ᠪᠦᠳᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠪᠣᠬᠢᠷᠲᠤᠯ ᠢ ᠪᠠᠭᠠᠰᠬᠠᠬᠤ ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠬᠠᠮᠲᠤ ᠳᠤ ᠨᠢ ᠵᠠᠰᠠᠬᠤ ᠪᠠᠨ ᠴᠢᠩᠭᠠᠳᠬᠠᠵᠤ᠂ ᠨᠡᠩ ᠥᠨᠳᠥᠷ ᠪᠠᠷᠢᠮᠵᠢᠶ᠎ᠠ ᠪᠠᠷ ᠬᠦᠬᠡ ᠣᠭᠲᠠᠷᠭᠤᠢ᠂ ᠬᠥᠬᠡᠮᠳᠦᠭ ᠤᠰᠤ᠂ | ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠬᠤ ᠬᠡᠷᠡᠭᠲᠡᠢ᠃ ᠲᠦᠷᠦ ᠶᠢᠨ ᠪᠤᠳᠤᠯᠭ᠎ᠠ ᠶᠢᠨ ᠨᠢᠭᠡᠳᠦᠯᠲᠡᠢ ᠲᠦᠯᠦᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠪᠣᠬᠢᠷᠲᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠡᠯᠡ ᠣᠷᠣᠭᠤᠯᠤᠯᠲᠠ ᠶᠢᠨ ᠬᠡᠷᠡᠭᠯᠡᠭᠡᠨ ᠤ ᠥᠷᠭᠡᠳᠭᠡᠯ᠂ ᠬᠥᠭᠵᠢᠯᠲᠡ ᠶᠢᠨ | ᠬᠥᠳᠡᠯᠭᠡᠬᠦ ᠬᠦᠴᠦᠨ ᠤ ᠨᠡᠮᠡᠭᠳᠡᠯ ᠯᠦᠭᠡ ᠨᠡᠩ ᠰᠠᠶᠢᠲᠤᠷ ᠤᠶᠠᠯᠳᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ | ᠬᠡᠯᠪᠡᠷᠢ ᠲᠡᠶᠢᠰᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ ᠬᠢᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠ ᠴᠢᠬᠤᠯᠠ ᠦᠢᠯᠡᠳᠦᠯ | ᠦᠵᠡᠭᠦᠯᠬᠦ ᠳᠤ᠂ ᠭᠠᠳᠠᠭᠠᠳᠤ ᠪᠡᠯᠡ ᠶᠢ ᠲᠠᠲᠠᠬᠤ ᠪᠠ ᠠᠰᠢᠭᠯᠠᠬᠤ ᠪᠠᠨ ᠡᠷᠴᠢᠮᠵᠢᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠳᠠᠭᠠᠳᠤ | ᠪᠡᠯᠡ ᠶᠢ ᠲᠣᠭᠲᠠᠪᠤᠷᠢᠵᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠳᠠᠬᠢ ᠭᠠᠳᠠᠭᠠᠳᠤ ᠨᠡᠭᠡᠭᠡᠯᠲᠡ ᠶᠢ ᠭᠦᠨᠵᠡᠭᠡᠶᠢᠷᠡᠭᠦᠯᠵᠦ᠂ ᠦᠢᠯᠡᠳᠬᠦ ᠦᠢᠯᠡᠰ ᠤᠨ | ᠬᠦᠷᠢᠶᠡᠨ ᠳᠤ ᠭᠠᠳᠠᠭᠠᠳᠤ ᠪᠡᠯᠡ ᠶᠢ ᠵᠥᠪᠰᠢᠶᠡᠷᠡᠨ ᠣᠷᠣᠭᠤᠯᠬᠤ ᠶᠢ ᠬᠢᠵᠠᠭᠠᠷᠯᠠᠬᠤ ᠠᠷᠭ᠎ᠠ ᠬᠡᠮᠵᠢᠶ᠎ᠡ ᠪᠦᠬᠦᠨ ᠢ ᠦᠭᠡᠶᠢᠵᠢᠭᠦᠯᠬᠦ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ᠂ ᠰᠢᠨ᠎ᠡ ᠨᠢᠭᠡ ᠡᠭᠡᠯᠵᠢ ᠶᠢᠨ ᠦᠢᠯᠡᠴᠢᠯᠡᠭᠡᠨ ᠤ ᠦᠢᠯᠡᠰ ᠤᠨ ᠨᠡᠭᠡᠭᠡᠯᠳᠠ ᠶᠢ ᠥᠷᠭᠡᠳᠬᠡᠬᠦ ᠲᠤᠷᠰᠢᠯᠲᠠ ᠶᠢᠨ ᠠᠷᠭ᠎ᠠ ᠬᠡᠮᠵᠢᠶ᠎ᠡ ᠶᠢ | ᠲᠣᠭᠲᠠᠭᠠᠬᠤ ᠬᠡᠷᠡᠭᠲᠡᠢ᠃ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠶᠢ ᠰᠢᠯᠢᠳᠡᠭᠵᠢᠭᠦᠯᠵᠦ᠂ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠪᠡᠯᠡ ᠣᠷᠣᠭᠤᠯᠤᠯᠲᠠ ᠵᠡᠷᠭᠡ ᠳᠤ ᠣᠷᠣᠯᠴᠠᠬᠤ ᠶᠢ | ᠨᠢᠭᠡ ᠯᠡ ᠠᠳᠠᠯᠢ ᠪᠠᠷ ᠳᠡᠮᠵᠢᠬᠦ ᠬᠡᠷᠡᠭᠲᠡᠶ᠃ ᠪᠠᠯᠠ ᠣᠷᠣᠭᠤᠯᠬᠤ ᠳᠤ ᠳᠦᠭᠦᠮᠯᠡᠬᠦ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠡᠮ ᠤᠨ ᠵᠦᠢᠯᠡᠰ᠂ | ᠡᠮᠴᠢᠯᠡᠭᠡᠨ ᠤ ᠪᠠᠭᠠᠵᠢ ᠬᠡᠷᠡᠭᠰᠡᠯ ᠵᠡᠷᠭᠡ ᠬᠦᠷᠢᠶᠡᠨ ᠳᠠᠬᠢ ᠭᠠᠳᠠᠭᠠᠳᠤ ᠪᠡᠯᠡ ᠶᠢᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ᠂ ᠭᠠᠶᠢᠯᠢ ᠦᠭᠡᠢ ᠰᠡᠯᠪᠢᠨ ᠵᠠᠰᠠᠬᠤ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠥᠷᠭᠡᠳᠬᠡᠵᠦ᠂ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠤᠯᠠᠮ ᠨᠢᠭᠡ ᠠᠯᠬᠤᠮ | ᠴᠢᠩᠭᠠᠷᠠᠭᠤᠯᠬᠤ ᠬᠡᠷᠡᠭᠲᠡᠶ᠃ ︽ᠳᠤᠮᠳᠠᠳᠤ ᠤᠯᠤᠰ ᠤᠨ ᠪᠡᠯᠡ ᠣᠷᠤᠭᠤᠯᠤᠯᠲᠠ︾ ᠲᠦᠷᠦᠯ ᠲᠡᠮᠲᠡᠭᠲᠦ ᠶᠢ ᠪᠣᠶ ᠪᠣᠯᠭᠠᠵᠤ᠂ ᠵᠠᠰᠠᠪᠤᠷᠢ ᠣᠷᠤᠭᠤᠯᠤᠭᠰᠠᠨ ᠰᠢᠨ᠎ᠡ | ᠬᠡᠪᠯᠡᠯ ᠤᠨ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠤᠭᠤᠯᠤᠯᠲᠠ ᠶᠢ ᠵᠣᠷᠢᠭᠵᠢᠭᠤᠯᠬᠤ ᠠᠵᠤ ᠦᠢᠯᠡᠰ ᠤᠨ ᠭᠠᠷᠴᠠᠭ︾ ᠢ ᠨᠡᠶᠢᠲᠡᠯᠡᠵᠦ᠂ | ᠭᠠᠳᠠᠭᠠᠳᠤ ᠶᠢᠨ ᠬᠠᠷᠢᠶᠠᠲᠤ ᠶᠢᠨ ᠠᠵᠢᠯ ᠳᠤ ᠳᠦᠭᠦᠮᠯᠡᠬᠦ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠤ᠂ ᠮᠡᠷᠭᠡᠰᠢᠯᠲᠦ ᠴᠢᠳᠠᠪᠤᠷᠢᠲᠠᠨ ᠢ ᠬᠥᠮᠦᠵᠢᠭᠦᠯᠬᠦ ᠪᠠᠨ ᠴᠢᠩᠭᠠᠳᠬᠠᠬᠤ ᠨᠢ ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ | ᠰᠢᠢᠳᠪᠦᠷᠢᠯᠡᠬᠦ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠳᠤ ᠲᠦᠢᠯ ᠤᠨ ᠴᠢᠬᠤᠯᠠ ᠶᠤᠮ᠃ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠠᠵᠢᠯ ᠣᠯᠭᠤᠯᠲᠠ ᠶᠢᠨ ᠵᠠᠬ᠎ᠠ ᠳᠡᠯᠭᠡᠭᠦᠷ ᠤᠨ ᠰᠤᠳᠤᠯᠭᠠᠨ ᠢ ᠴᠢᠩᠭᠠᠳᠬᠠᠵᠤ᠂ ᠰᠤᠷᠭᠠᠭᠤᠯᠢ ᠠᠵᠤ ᠠᠬᠤᠶᠢᠯᠠᠯ ᠤᠨ ᠵᠣᠯᠭᠠᠯᠴᠠᠭ᠎ᠠ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠬᠤᠮᠰᠠ᠂ ᠠᠵᠤ ᠠᠬᠤᠶᠢᠯᠠᠯ ᠤᠨ ᠪᠠᠴᠢᠮ ᠬᠡᠷᠡᠭᠴᠡᠭᠡ ᠲᠠᠢ ᠮᠡᠷᠭᠡᠰᠢᠯᠲᠦ ᠴᠢᠳᠠᠪᠤᠷᠢᠲᠠᠨ ᠢ ᠨᠡᠩ | ᠤᠯᠠᠨ ᠬᠥᠮᠦᠵᠢᠭᠦᠯᠬᠦ ᠬᠡᠷᠡᠭᠲᠡᠢ᠃ ᠳᠡᠮᠵᠢᠬᠦ ᠲᠦᠷᠦ ᠶᠢᠨ ᠪᠤᠳᠤᠯᠭ᠎ᠠ ᠪᠠᠨ ᠡᠷᠴᠢᠮᠵᠢᠭᠦᠯᠵᠦ᠂ ᠪᠣᠯᠪᠠᠰᠤᠷᠠᠯ ᠤᠨ ᠨᠥᠬᠦᠪᠥᠷᠢ ᠵᠡᠷᠭᠡ ᠪᠡᠯᠡ ᠮᠥᠩᠭᠦ ᠶᠢ ᠰᠠᠶᠢᠲᠤᠷ | ᠬᠡᠷᠡᠭᠯᠡᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠬᠥᠯᠥᠰᠥᠨ ᠠᠵᠢᠯᠴᠢᠨ ᠵᠡᠷᠭᠡ ᠭᠤᠣᠯᠳᠠᠯᠭ᠎ᠠ ᠲᠠᠢ ᠬᠥᠮᠦᠰ ᠲᠤ ᠴᠢᠭᠯᠡᠭᠦᠯᠦᠨ ᠠᠵᠢᠯ ᠣᠯᠭᠤᠬᠤ | ᠦᠢᠯᠡᠴᠢᠯᠡᠭᠡ ᠪᠠᠨ ᠴᠢᠩᠭᠠᠷᠠᠭᠤᠯᠵᠤ᠂ ᠤᠷᠢᠵᠤ ᠡᠯᠰᠡᠬᠦ ᠲᠠᠪᠴᠠᠩ᠂ ᠴᠢᠳᠠᠪᠤᠷᠢᠲᠠᠨ ᠤ ᠵᠠᠬ᠎ᠠ ᠳᠡᠯᠭᠡᠭᠦᠷ ᠤᠨ ᠦᠢᠯᠡᠳᠦᠯ ᠢ ᠪᠠᠳᠠᠷᠠᠭᠤᠯᠵᠤ᠂ ᠬᠥᠮᠦᠨ ᠪᠠ | ᠠᠵᠢᠯ ᠤᠨ ᠪᠠᠶᠢᠷᠢ ᠶᠢᠨ ᠵᠣᠬᠢᠴᠠᠯ᠂ ᠬᠠᠩᠭᠠᠯᠭ᠎ᠠ ᠬᠡᠷᠡᠭᠴᠡᠭᠡᠨ ᠤ ᠵᠣᠬᠢᠴᠠᠯ ᠢ ᠨᠡᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ᠂ ᠰᠣᠪᠢᠯᠠᠭᠴᠢᠳ ᠤᠨ ᠡᠩᠨᠡᠭᠡᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ᠂ ᠠᠰᠠᠷᠠᠨ ᠰᠤᠪᠢᠯᠠᠬᠤ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ | ᠠᠷᠠᠳ ᠣᠯᠠᠨ ᠤ ᠣᠯᠠᠨ ᠶᠠᠩᠵᠤ ᠶᠢᠨ ᠡᠮᠴᠢᠯᠡᠭᠡᠨ ᠤ ᠦᠢᠯᠡᠴᠢᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠬᠤ ᠴᠢᠬᠤᠯᠠ ᠠᠷᠭ᠎ᠠ ᠬᠡᠮᠵᠢᠶ᠎ᠡ | ᠮᠥᠨ᠃ ᠰᠤᠪᠢᠯᠠᠭᠴᠢ ᠶᠢᠨ ᠠᠵᠢᠯ ᠮᠡᠷᠭᠡᠵᠢᠯ ᠤᠨ ᠲᠠᠲᠠᠬᠤ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠴᠠᠯᠢᠩ ᠬᠥᠯᠥᠰᠥ᠂ ᠣᠷᠣᠨ ᠲᠤᠭ᠎ᠠ᠂ ᠮᠡᠷᠭᠡᠵᠢᠯ ᠤᠨ | ᠴᠣᠯᠠ ᠳᠡᠪᠰᠢᠬᠦ ᠵᠡᠷᠭᠡ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠨᠢ ᠲᠡᠭᠦᠯᠳᠡᠷᠵᠢᠭᠦᠯᠵᠦ᠂ ᠣᠷᠣᠨ ᠲᠤᠭ᠎ᠠ ᠶᠢᠨ ᠳᠣᠲᠣᠷ᠎ᠠ ᠭᠠᠳᠠᠨᠠᠬᠢ ᠠᠳᠠᠯᠢ ᠠᠵᠢᠯ ᠳᠤ ᠠᠳᠠᠯᠢ | ᠬᠥᠯᠥᠰᠥ ᠣᠯᠭᠤᠮᠵᠢ ᠣᠯᠭᠤᠬᠤ ᠶᠢ ᠨᠠᠶᠢᠳᠠᠪᠤᠷᠢᠵᠢᠭᠤᠯᠵᠤ᠂ ᠨᠠᠩ ᠣᠯᠠᠨ ᠴᠢᠳᠠᠪᠤᠷᠢᠲᠠᠨ ᠢ ᠲᠡᠳᠡᠨ ᠠᠪᠴᠢᠷᠠᠬᠤ ᠪᠦᠭᠡᠳ ᠠᠰᠠᠷᠠᠨ ᠰᠤᠪᠢᠯᠠᠬᠤ ᠠᠵᠢᠯ ᠢ | ᠲᠣᠭᠲᠠᠭᠤᠨ ᠢᠶᠠᠷ ᠬᠢᠯᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠢᠭᠤᠴᠠ ᠶᠢ ᠬᠠᠮᠠᠭᠠᠯᠠᠬᠤ ᠬᠠᠤᠯᠢ ᠶᠢ ᠬᠡᠷᠡᠭᠵᠢᠭᠦᠯᠬᠦ ᠲᠦᠷᠢᠮ ︵ | ᠵᠠᠰᠠᠪᠤᠷᠢ ᠣᠷᠣᠭᠤᠯᠤᠭᠰᠠᠨ ᠲᠥᠰᠦᠯ︶︾ ᠢ ᠬᠢᠨᠠᠨ ᠵᠥᠪᠯᠡᠵᠦ ᠪᠠᠲᠤᠯᠠᠨ᠂ ᠬᠠᠤᠯᠢ ᠲᠣᠭᠲᠠᠭᠠᠯ ᠶᠣᠰᠣᠭᠠᠷ ᠨᠢᠭᠤᠴᠠ ᠶᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ | ᠳᠠᠯᠳᠠ ᠬᠡᠮ ᠢ ᠴᠠᠭ ᠲᠤᠬᠠᠶ ᠳᠤ ᠨᠢ ᠠᠷᠢᠯᠭᠠᠵᠤ᠂ ᠠᠯᠳᠠᠰᠢ ᠭᠠᠷᠬᠤ ᠶᠢ ᠬᠤᠷᠢᠭᠯᠠᠵᠤ᠂ ᠨᠢᠭᠤᠴᠠ ᠶᠢ ᠵᠠᠳᠠᠷᠠᠭᠤᠯᠤᠭᠰᠠᠨ ᠬᠡᠷᠡᠭ ᠡᠭᠦᠰᠬᠦ ᠶᠢ ᠴᠢᠩᠭ᠎ᠠ ᠰᠡᠷᠭᠡᠶᠢᠯᠡᠬᠦ | ᠬᠡᠷᠡᠭᠲᠡᠶ᠃ ᠨᠢᠭᠤᠴᠠ ᠶᠢ ᠬᠠᠮᠠᠭᠠᠯᠠᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ | ᠥᠷᠨᠢᠭᠦᠯᠵᠦ᠂ ᠲᠦᠷᠢᠮ ᠤᠨ ᠲᠠᠶᠢᠯᠤᠮᠵᠢ ᠬᠢᠵᠦ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠤᠯᠤᠰ ᠤᠨ ᠨᠢᠭᠤᠴᠠ ᠶᠢ ᠤᠬᠠᠮᠰᠠᠷ ᠠᠴᠠ ᠪᠠᠨ ᠬᠠᠮᠠᠭᠠᠯᠠᠬᠤ | ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠳᠡᠭᠡᠷ᠎ᠡ ᠪᠠᠰᠠ ᠪᠤᠰᠤᠳ ᠵᠦᠢᠯ ᠢ ᠰᠤᠳᠤᠯᠵᠠᠢ᠃ | | |