ᠮᠠᠨ ᠤ ᠬᠤᠲᠠ ᠪᠥᠬᠦ ᠤᠯᠤᠰ ᠤᠨ ᠭᠠᠵᠠᠷ ᠰᠢᠷᠣᠢ ᠶᠢᠨ ᠡᠳᠦᠷ ᠵᠢᠴᠢ ᠲᠠᠷᠢᠶᠠᠨ ᠭᠠᠵᠠᠷ ᠤᠨ ᠬᠠᠮᠠᠭᠠᠯᠠᠯᠲᠡ ᠶᠢᠨ ᠭᠤᠣᠯ ᠰᠠᠳᠦᠪᠲᠤ ᠤᠬᠠᠭᠤᠯᠭ᠎ᠠ ᠶᠢᠨ ᠠᠵᠢᠯᠯᠠᠭ᠎ᠠ ᠡᠷᠬᠢᠯᠡᠪᠡ
ᠨᠡᠶᠢᠲᠡᠯᠡᠭᠰᠡᠨ ᠴᠠᠭ᠄
2024/6/28
    ᠣᠶᠢᠷ᠎ᠠ ᠶᠢᠨ ᠡᠳᠦᠷ᠂ ︽ᠭᠠᠵᠠᠷ ᠰᠢᠷᠦᠢ ᠶᠢ ᠠᠷᠪᠢᠲᠠᠢ ᠡᠷᠴᠢᠮᠯᠢᠭ ᠠᠰᠢᠭᠯᠠᠵᠤ᠂ ᠲᠠᠷᠢᠶᠠᠨ ᠭᠠᠵᠠᠷ ᠤᠨ ᠣᠯᠠᠭᠠᠨ ᠱᠤᠭᠤᠮ ᠢ ᠴᠢᠩᠭ᠎ᠠ ᠰᠠᠬᠢᠬᠤ︾ ᠪᠠᠷ ᠭᠤᠣᠯ ᠰᠠᠳᠦᠪ ᠪᠣᠯᠭᠠᠭᠰᠠᠨ ᠪᠥᠬᠦ ᠤᠯᠤᠰ ᠤᠨ ᠭᠠᠵᠠᠷ ᠰᠢᠷᠣᠢ ᠶᠢᠨ ᠡᠳᠦᠷ ᠵᠢᠴᠢa ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠬᠢᠶ᠎ᠡ ᠪᠠᠭᠰᠢ ᠲᠣᠭᠤᠷᠢᠭ ᠲᠤ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠪᠦᠭᠦ ᠬᠤᠲᠠ ᠶᠢᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ᠂ ᠣᠶᠤᠨᠴᠢ ᠲᠠᠷᠢᠶᠠᠯᠠᠭ᠎ᠠ ᠶᠢᠨ ᠬᠠᠮᠠᠭᠠᠯᠠᠯᠲᠠ᠂ ᠱᠠᠩᠨᠠᠯ ᠲᠠᠢ ᠠᠰᠠᠭᠤᠯᠲᠠ ᠬᠠᠷᠢᠭᠤᠯᠲᠡ ᠵᠡᠷᠭᠡ ᠤᠬᠠᠭᠤᠯᠭ᠎ᠠ ᠶᠢᠨ ᠲᠤᠭᠤᠷᠢᠭ ᠭᠠᠷᠭᠠᠵᠤ᠂ ᠣᠯᠠᠨ ᠲᠥᠮᠡᠨ ᠳᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠭᠠᠵᠠᠷ ᠰᠢᠷᠤᠢ ᠶᠢᠨ ᠬᠠᠮᠠᠭᠠᠯᠠᠯᠲᠠ ᠶᠢᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ ᠶᠠᠷᠢᠬᠤ ᠪᠠᠷ ᠳᠠᠮᠵᠢᠭᠤᠯᠤᠨ ᠪᠦᠬᠦ ᠨᠡᠶᠢᠬᠡᠮ ᠤᠨ ᠭᠠᠵᠠᠷ ᠰᠢᠷᠤᠢ ᠶᠢᠨ ᠡᠬᠢ ᠪᠠᠶᠠᠯᠢᠭ ᠢ ᠬᠠᠮᠠᠭᠠᠯᠠᠬᠤ ᠤᠬᠠᠮᠰᠠᠷ ᠢ ᠪᠤᠢ ᠪᠣᠯᠭᠠᠵᠤ᠂ ︽ᠭᠠᠵᠠᠷ ᠰᠢᠷᠣᠢ ᠶᠢ ᠲᠤᠶᠢᠯ ᠢᠶᠠᠷ ᠨᠠᠨᠳᠢᠩᠨᠠᠵᠤ᠂ ᠵᠦᠢ ᠵᠣᠬᠢᠰᠲᠠᠢ ᠠᠰᠢᠭᠯᠠᠬᠤ ᠪᠠ ᠲᠠᠷᠢᠶᠠᠨ ᠭᠠᠵᠠᠷ ᠢ ᠦᠨᠡᠨ ᠬᠦ ᠬᠠᠮᠠᠭᠠᠯᠠᠬᠤ︾ ᠤᠯᠤᠰ ᠤᠨ ᠦᠨᠳᠦᠰᠦᠨ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ᠂ ᠪᠦᠬᠦ  ᠠᠷᠠᠳ ᠤᠨ ︽ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠵᠤ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠬᠤ︾ ᠤᠬᠠᠮᠰᠠᠷ ᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠤᠷᠳᠤᠰ ᠬᠤᠲᠠ ᠶᠢᠨ ᠬᠠᠮ ᠵᠠᠭᠤᠴᠢᠯᠠᠭᠤᠷ ᠤᠨ ᠲᠥᠪ